ᠬᠤᠲᠠ ᠶᠢᠨ ᠵᠠᠰᠠᠭ ᠤᠨ ᠣᠷᠳᠣᠨ ᠤ 2025 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/5
    3 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2025 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠪᠠ ᠲᠥᠪ ᠤᠨ ᠴᠢᠬᠤᠯᠠ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠ ᠶᠢᠰᠦᠳᠦᠭᠡᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ᠂ ᠲᠥᠪ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠤᠨ ᠲᠤᠰᠢᠶᠠᠯ ᠤᠨ ᠮᠡᠳᠡᠭᠦᠯᠦᠯᠲᠡ ᠬᠢᠬᠦ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠤᠯᠤᠰ ᠲᠦᠷᠦ ᠶᠢᠨ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠵᠤ᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠪᠣᠯᠤᠨ ᠬᠤᠳᠠ ᠶᠢᠨ ᠨᠠᠮ ᠤᠨ ᠬᠤᠷᠢᠶᠠᠨ ᠤ ︽ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ︾ ᠳᠤ ᠠᠩᠬᠠᠷᠣᠯ ᠢᠶᠠᠨ ᠲᠦᠪᠯᠡᠷᠡᠭᠦᠯᠵᠦ᠂ ᠠᠵᠤ ᠠᠬᠤᠢ ᠶᠢᠨ ᠠᠵᠢᠯᠯᠠᠭ᠎ᠠ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠠᠶᠤᠯᠭᠦᠢ ᠦᠢᠯᠡᠳᠪᠦᠷᠢᠯᠡᠯ᠂ ᠠᠮᠤᠷ ᠠᠮᠤᠭᠤᠯᠠᠩ ᠦᠬᠠᠢ ᠶᠢᠨ ᠪᠦᠳᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠳᠠ ᠶᠢᠨ ᠲᠡᠭᠦᠷᠭᠡ ᠶᠢᠨ ᠰᠣᠳᠣᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠤᠢ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ︽ᠦᠬᠠᠢ ᠬᠤᠳᠠ ᠶᠢᠨ 2025 ᠣᠨ ᠤ ᠨᠡᠭᠦᠷᠡᠰᠦᠨ ᠤ ᠪᠤᠰᠤ ᠠᠭᠤᠷᠬᠠᠢ ᠶᠢᠨ ᠡᠬᠢ ᠪᠠᠶᠠᠯᠢᠭ ᠢ ᠨᠡᠶᠢᠳᠬᠡᠬᠦ ᠲᠥᠰᠦᠯ︾᠂ ︽ᠦᠬᠠᠢ ᠬᠤᠳᠠ ᠶᠢᠨ 2025 ᠣᠨ ᠤ ᠨᠡᠭᠦᠷᠡᠰᠦᠨ ᠤ ᠪᠤᠰᠤ ᠠᠭᠤᠷᠬᠠᠢ ᠶᠢᠨ ᠠᠭᠤᠷᠬᠠᠢ ᠮᠠᠯᠲᠠᠬᠤ ᠡᠷᠬᠡ ᠠᠴᠠ ᠪᠤᠴᠠᠵᠦ ᠭᠠᠷᠬᠤ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠰᠣᠳᠣᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号