ᠬᠤᠳᠠ ᠶᠢᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠬᠤᠷᠠᠯᠳᠤᠵᠤ  ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠤᠬᠠᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/3/6
     3 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠣᠷᠣᠨ ᠤ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠴᠢ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠠᠬᠢᠭᠤᠯᠬᠤ ᠬᠤᠷᠠᠯ ᠪᠠ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠤᠳᠤᠷᠢᠳᠤᠯᠭ᠎ᠠ ᠸᠠᠩ ᠵᠢᠢ ᠫᠢᠩ ᠣᠷᠣᠯᠴᠠᠪᠠ᠃      ᠼᠦᠢ ᠵᠢᠩ ᠶᠢᠩ ᠬᠡᠯᠡᠭᠰᠡᠨ ᠨᠢ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠬᠤ ᠪᠣᠯ ᠰᠢ ᠶᠢᠨ ᠫᠢᠩ ᠶᠡᠷᠦᠩᠬᠡᠢ ᠱᠦᠵᠢ ᠶᠢᠨ ᠦᠬᠠᠢ ᠳᠤ ᠲᠤᠰᠢᠶᠠᠭᠰᠠᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠂ ᠮᠥᠨᠴᠦ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠠᠶᠢᠷᠢᠯᠠᠭᠤᠯᠤᠯᠲᠠ ᠪᠣᠯᠤᠨ ᠬᠤᠳᠠ ᠶᠢᠨ ᠨᠠᠮ ᠤᠨ ᠬᠤᠷᠢᠶᠠᠨ ᠤ ︽ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ︾ ᠤᠨ ᠨᠢᠭᠡ ᠪᠣᠯᠤᠨ᠎ᠠ᠂ ᠪᠢᠳᠡ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠳᠤᠯᠤᠭ᠎ᠠ ᠶᠢ ᠵᠠᠰᠠᠭᠰᠠᠨ︾ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠵᠤ ᠬᠠᠮᠢᠶᠠᠷᠤᠨ ᠡᠵᠡᠮᠳᠡᠬᠦ᠂ ᠭᠤᠣᠯᠳᠠᠯᠭ᠎ᠠ ᠲᠠᠢ ᠠᠵᠢᠯ ᠲᠦᠷᠦᠯ ᠢ ᠬᠦᠨᠵᠡᠭᠡᠶᠢᠷᠡᠭᠦᠯᠦᠨ ᠵᠠᠰᠠᠬᠤ ᠵᠡᠷᠭᠡ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠᠨ ᠴᠢᠩᠭᠠᠳᠬᠠᠵᠤ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠨᠡᠨᠬᠦ ᠰᠠᠶᠢᠲᠤᠷ ᠬᠢᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号