3 ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠼᠦᠢ ᠵᠢᠩ ᠶᠢᠩ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠲᠠ ᠶᠢᠨ ᠵᠠᠰᠠᠭ ᠤᠨ ᠣᠷᠳᠣᠨ ᠤ ᠠᠯᠪᠠᠨ | ᠭᠡᠷ ᠤᠨ ᠪᠠᠶᠢᠭᠤᠯᠭ᠎ᠠ ᠶᠢᠨ ᠨᠢᠭᠡᠳᠦᠭᠡᠷ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠤᠨ ᠬᠤᠷᠠᠯ ᠵᠢᠴᠢ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠤᠯᠠᠨ ᠢᠶᠠᠷ ᠢᠶᠠᠨ ᠯᠢ ᠴᠢᠶᠠᠩ ᠶᠡᠷᠦᠩᠬᠡᠢ ᠰᠠᠶᠢᠳ ᠤᠨ ᠬᠢᠭᠰᠡᠨ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠢ ᠨᠠᠷᠢᠨ ᠬᠢᠨᠠᠮᠠᠭᠠᠢ ᠰᠣᠨᠣᠰᠴᠤ᠂ ᠨᠠᠮ ᠤᠨ ᠡᠭᠦᠷ ᠤᠨ ᠬᠠᠷᠢᠭᠤᠴᠠᠯᠭᠠᠲᠠᠨ 2024 ᠣᠨ ᠤ | ᠨᠠᠮ ᠤᠨ ᠡᠭᠦᠷ ᠤᠨ ᠠᠵᠢᠯ ᠥᠷᠨᠢᠭᠦᠯᠦᠭᠰᠡᠨ ᠪᠠᠶᠢᠳᠠᠯ᠂ ᠨᠠᠮ ᠤᠨ ᠡᠭᠦᠷ ᠤᠨ ᠤᠳᠤᠷᠢᠳᠬᠤ ᠪᠠᠭ ᠤᠨ ᠠᠰᠠᠭᠤᠳᠠᠯ | ᠢᠶᠠᠨ ᠪᠠᠶᠢᠴᠠᠭᠠᠨ ᠦᠵᠡᠭᠰᠡᠨ ᠪᠠᠶᠢᠳᠠᠯ ᠢᠶᠠᠨ ᠮᠡᠳᠡᠭᠳᠡᠵᠦ᠂ ᠨᠠᠮ ᠤᠨ ᠡᠭᠦᠷ ᠤᠨ ᠨᠠᠮ ᠤᠨ ᠭᠡᠰᠢᠭᠦᠨ ᠲᠡᠰ ᠳᠠᠷᠠᠭᠠᠯᠠᠨ | ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠦᠭᠰᠡᠨ ᠪᠥᠭᠡᠳ ᠲᠤᠬᠠᠢ ᠶᠢᠨ ᠲᠠᠯᠠᠪᠠᠢ ᠳᠤ ᠨᠠᠮ ᠤᠨ ᠭᠡᠰᠢᠭᠦᠨ | ᠢ ᠠᠷᠠᠳᠴᠢᠯᠠᠯ ᠢᠶᠠᠷ ᠦᠨᠡᠯᠡᠪᠡ᠃ | ᠼᠦᠢ ᠵᠢᠩ ᠶᠢᠩ ᠬᠡᠯᠡᠭᠰᠡᠨ ᠨᠢ᠂ ᠯᠢ ᠴᠢᠶᠠᠩ ᠶᠡᠷᠦᠩᠬᠡᠶ ᠰᠠᠶᠢᠳ ᠤᠨ ᠬᠢᠭᠰᠡᠨ ᠵᠠᠰᠠᠭ ᠤᠨ ᠣᠷᠳᠣᠨ ᠤ | ᠠᠵᠢᠯ ᠤᠨ ᠢᠯᠡᠳᠭᠡᠯ ᠨᠢ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠣᠯᠤᠭᠰᠠᠨ ᠴᠢᠬᠤᠯᠠ | ᠶᠡᠭᠡ ᠠᠮᠵᠢᠯᠲᠠ ᠶᠢ ᠪᠥᠬᠦ ᠲᠠᠯ᠎ᠠ ᠪᠠᠷ ᠳ᠋ᠦᠩᠨᠡᠵᠦ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ | ᠱᠠᠭᠠᠷᠳᠠᠯᠭ᠎ᠠ ᠪᠠ ᠵᠢᠱᠢᠭᠰᠡᠨ ᠬᠠᠷᠠᠯᠲᠠ ᠪᠠᠨ ᠲᠣᠳᠣᠷᠬᠠᠶᠢᠯᠠᠭᠰᠠᠨ ᠪᠥᠭᠡᠳ ᠪᠥᠬᠦ ᠵᠢᠯ ᠤᠨ ᠠᠵᠢᠯ ᠳᠤ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠪᠢᠳᠡ ᠨᠠᠷᠢᠨ ᠬᠢᠨᠠᠮᠠᠭᠠᠢ ᠰᠤᠳᠤᠯᠤᠨ ᠣᠩᠰᠢᠨ ᠡᠵᠡᠮᠰᠢᠵᠦ᠂ | ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ | ᠠᠳᠬᠤᠬᠤ ᠬᠡᠷᠡᠭᠲᠡᠢ ᠭᠡᠵᠡᠢ᠃ | ᠼᠦᠢ ᠵᠢᠩ ᠶᠢᠩ ᠬᠡᠯᠡᠭᠰᠡᠨ ᠨᠢ᠂ ᠥᠨᠥᠳᠦᠷ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ | ᠳᠡᠭᠡᠷ᠎ᠡ᠂ ᠤᠯᠠᠨ ᠢᠶᠠᠷ ᠢᠶᠠᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠰᠢᠭᠦᠮᠵᠢᠯᠡᠯ ᠪᠠ ᠥᠪᠡᠷ ᠤᠨ | ᠰᠢᠭᠦᠮᠵᠢᠯᠡᠯ ᠢ ᠨᠠᠷᠢᠨ ᠬᠢᠨᠠᠮᠠᠭᠠᠢ ᠥᠷᠨᠢᠭᠦᠯᠵᠦ᠂ ᠪᠤᠳᠠᠳᠠᠢ ᠬᠥᠮᠦᠨ ᠪᠤᠳᠠᠳᠠᠢ ᠶᠠᠪᠤᠳᠠᠯ ᠠᠴᠠ ᠦᠵᠡᠯ ᠰᠠᠨᠠᠭᠠᠨ ᠤ | ᠬᠦᠨ ᠳᠤ ᠬᠦᠷᠳᠡᠯ᠎ᠡ ᠳᠡᠯᠭᠡᠵᠦ᠂ ᠴᠢᠷᠠᠢ ᠤᠯᠠᠶᠢᠯᠭᠠᠨ ᠬᠥᠯᠥᠰᠥ ᠭᠠᠷᠭᠠᠬᠤ᠂ ᠡᠷᠴᠢ ᠵᠣᠷᠢᠭ ᠢᠶᠠᠨ ᠬᠥᠪᠴᠢᠯᠡᠬᠦ᠂ | ᠬᠠᠮᠲᠤ ᠪᠠᠷ ᠳᠡᠭᠡᠭᠰᠢᠯᠡᠬᠦ ᠵᠣᠷᠢᠯᠭ᠎ᠠ ᠳᠠᠭᠠᠨ ᠬᠦᠷᠴᠡᠢ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠥᠨᠳᠥᠷ | ᠵᠣᠭᠰᠣᠴᠠ ᠪᠠᠨ ᠳᠠᠪᠲᠠᠨ ᠪᠣᠯᠪᠠᠰᠤᠷᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠳᠤᠷᠠᠳᠤᠭᠰᠠᠨ ︽ᠲᠠᠪᠤ ᠶᠢ | ᠪᠠᠷᠢᠮᠲᠠᠯᠠᠬᠤ︾ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ︽ᠤᠯᠤᠰ ᠲᠦᠷᠦ ᠶᠢ ᠡᠷᠬᠢᠮᠯᠡᠬᠦ︾ | ᠶᠢ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ︽ᠶᠡᠭᠡ ᠲᠠᠯ᠎ᠠ ᠶᠢ ᠬᠠᠷᠠᠭᠠᠯᠵᠠᠬᠤ︾ ᠶᠢ ᠠᠵᠢᠯᠯᠠᠭ᠎ᠠ ᠲᠡᠭᠡᠷ᠎ᠡ | ᠪᠠᠨ ᠣᠨᠣᠪᠴᠢᠲᠠᠢ ᠢᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ︽ᠭᠤᠷᠪᠠ ᠳᠤ ᠦᠢᠯᠡᠴᠢᠯᠡᠬᠦ︾ ᠲᠦᠪᠰᠢᠨ ᠢᠶᠠᠨ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠢ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠠᠬᠢᠯᠭ᠎ᠠ ᠪᠠᠲᠤ ᠶᠢᠨ ᠬᠥᠪᠴᠢ ᠶᠢ | ᠴᠢᠩᠭᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠨ ᠦᠷᠭᠦᠯᠵᠢᠯᠡᠨ | ᠪᠠᠬᠢᠵᠢᠭᠦᠯᠦᠨ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠤᠳᠣᠷᠬᠠᠶᠢᠯᠠᠬᠤ᠂ ᠰᠠᠬᠢᠯᠭ᠎ᠠ | ᠪᠠᠲᠤ ᠶᠢ ᠰᠠᠬᠢᠬᠤ ᠶᠢ ᠪᠡᠶᠡᠯᠡᠭᠦᠯᠵᠦ᠂ ᠠᠯᠪᠠᠨ ᠭᠡᠷ ᠤᠨ ᠲᠥᠪ ᠭᠤᠣᠯᠴᠢ ᠠᠷᠢᠭᠤᠨ ᠴᠢᠬᠡᠴᠢ ᠰᠠᠶᠢᠨ ᠰᠠᠶᠢᠬᠠᠨ | ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠰᠠᠶᠢᠨ ᠰᠤᠷᠲᠠᠯ ᠢ ᠪᠤᠢ | ᠪᠣᠯᠭᠠᠵᠤ᠂ ᠪᠢᠴᠢᠭ ᠮᠠᠲ᠋ᠧᠷᠢᠶᠠᠯ ᠲᠤᠭᠤᠷᠪᠢᠬᠤ᠂ ᠬᠤᠷᠠᠯ ᠡᠷᠬᠢᠯᠡᠬᠦ᠂ ᠠᠵᠢᠯ ᠶᠠᠪᠤᠳᠠᠯ ᠭᠦᠢᠴᠡᠳᠬᠡᠬᠦ ᠡᠯ᠎ᠡ ᠵᠦᠢᠯ ᠤᠨ | ᠠᠵᠢᠯ ᠢᠶᠠᠨ ᠪᠤᠰᠢᠭᠤ ᠱᠠᠯᠠᠮᠠᠭᠠᠶ᠂ ᠴᠢᠩᠭ᠎ᠠ ᠨᠢᠮᠪᠠᠢ ᠰᠠᠶᠢᠲᠤᠷ ᠬᠢᠵᠦ᠂ ᠠᠵᠢᠯ ᠤᠨ ᠪᠠᠷᠢᠮᠵᠢᠶ᠎ᠠ᠂ ᠶᠠᠰᠤ ᠴᠢᠨᠠᠷ ᠪᠣᠯᠤᠨ | ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠬᠠᠲᠠᠭᠤ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠰᠡᠳᠬᠢᠯ ᠰᠢᠭᠤᠳᠤᠨ ᠤᠨᠤᠯ ᠰᠤᠷᠤᠯᠴᠠᠵᠤ᠂ | ᠤᠷ᠎ᠠ ᠴᠢᠳᠠᠪᠤᠷᠢ ᠪᠠᠨ ᠲᠡᠭᠡᠭᠰᠢᠯᠡᠬᠦᠯᠵᠦ᠂ ᠯᠠᠪᠳᠠᠭᠤᠨ ᠲᠣᠭᠲᠠᠭᠤᠨ ᠢᠶᠠᠷ ᠪᠠᠶᠢᠴᠠᠭᠠᠨ ᠰᠤᠳᠤᠯᠤᠯᠲᠠ ᠬᠢᠵᠦ᠂ | ᠰᠤᠷᠤᠭᠰᠠᠨ ᠢᠶᠠᠨ ᠬᠡᠷᠡᠭᠯᠡᠬᠦ᠂ ᠮᠡᠳᠡᠬᠦᠶ ᠬᠢᠬᠦᠶ ᠶᠢ ᠨᠢᠭᠡᠳᠬᠡᠬᠦ ᠶᠢ ᠪᠡᠶᠡᠯᠡᠬᠦᠯᠵᠦ᠂ ᠵᠠᠰᠠᠭ ᠤᠨ ᠣᠷᠳᠣᠨ ᠤ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠬᠤ ᠬᠡᠷᠡᠭᠲᠡᠶ ᠭᠡᠵᠡᠢ᠃ |