ᠵᠢᠷᠤᠭ ᠳᠦᠷᠰᠦ ᠪᠠᠷ ᠵᠠᠭᠤᠴᠢ ᠪᠣᠯᠭᠠᠵᠤ ᠠᠮᠢ ᠠᠬᠤᠢ ᠪᠠ ᠰᠣᠶᠣᠯ ᠢ ᠬᠠᠷᠢᠯᠴᠠᠨ ᠠᠭᠤᠰᠣᠯᠴᠠᠭᠤᠯᠤᠶ᠎ᠠ
ᠨᠡᠶᠢᠲᠡᠯᠡᠭᠰᠡᠨ ᠴᠠᠭ᠄
2025/4/1
—ᠡᠬᠡ ᠪᠠᠶᠢᠭᠠᠯᠢ ᠶᠢᠨ ᠵᠢᠷᠤᠭ ᠲᠦᠷᠰᠦᠲᠤ ᠳᠤᠮᠳᠠᠳᠤ ᠤᠯᠤᠰ ᠤᠨ ᠬᠠᠮᠲᠤᠷᠠᠨ ᠡᠭᠦᠰᠭᠡᠨ ᠪᠠᠶᠢᠭᠤᠯᠤᠭᠴᠢ᠂ ︽ᠦᠵᠡᠰᠬᠦᠯᠡᠩᠲᠦ ᠰᠠᠶᠢᠬᠠᠨ ᠭᠡᠷ ᠣᠷᠣᠨ· ᠲᠦᠮᠡᠨ ᠪᠤᠳᠠᠰ ᠬᠠᠮᠲᠤ ᠪᠠᠷ ᠣᠷᠣᠰᠢᠨᠠᠮ︾ ᠭᠡᠬᠦ ᠦᠵᠡᠭᠦᠯᠦᠯᠭᠡ ᠶᠢᠨ ᠠᠵᠢᠯᠯᠠᠭ᠎ᠠ ᠶᠢᠨ ᠶᠡᠷᠦᠩᠬᠡᠶ ᠲᠦᠰᠦᠪᠯᠡᠭᠴᠢ ᠰᠢᠶᠧ ᠵᠢᠶᠠᠨ ᠭᠦᠸᠧ ᠶᠢ ᠰᠣᠷᠪᠣᠯᠵᠢᠯᠠᠭᠰᠠᠨ ᠨᠢ

     3 ᠰᠠᠷ᠎ᠠ ᠶᠢᠨ 30 ᠤ ᠡᠳᠦᠷ᠂ ᠬᠡ ᠪᠠᠶᠢᠭᠠᠯᠢ ᠶᠢᠨ ᠵᠢᠷᠤᠭ ᠲᠦᠷᠰᠦᠲᠤ ᠳᠤᠮᠳᠠᠳᠤ ᠤᠯᠤᠰ ᠤᠨ ᠬᠠᠮᠲᠤᠷᠠᠨ

ᠡᠭᠦᠰᠭᠡᠨ ᠪᠠᠶᠢᠭᠤᠯᠤᠭᠴᠢ᠂ ︽ᠦᠵᠡᠰᠬᠦᠯᠡᠩᠲᠦ ᠰᠠᠶᠢᠬᠠᠨ ᠭᠡᠷ ᠣᠷᠣᠨ· ᠲᠦᠮᠡᠨ ᠪᠤᠳᠠᠰ ᠬᠠᠮᠲᠤ ᠪᠠᠷ ᠣᠷᠣᠰᠢᠨᠠᠮ︾

ᠭᠡᠬᠦ ᠦᠵᠡᠭᠦᠯᠦᠯᠭᠡ ᠶᠢᠨ ᠠᠵᠢᠯᠯᠠᠭ᠎ᠠ ᠶᠢᠨ ᠶᠡᠷᠦᠩᠬᠡᠶ ᠲᠦᠰᠦᠪᠯᠡᠭᠴᠢ ᠰᠢᠶᠧ ᠵᠢᠶᠠᠨ ᠭᠦᠸᠧ

ᠰᠣᠷᠪᠤᠯᠵᠢᠯᠠᠬᠴᠢ ᠶᠢᠨ ᠳᠣᠰᠬᠠᠢ ᠰᠣᠷᠪᠤᠯᠵᠢᠯᠠᠭ᠎ᠠ ᠶᠢ ᠬᠦᠯᠢᠶᠡᠬᠦ ᠲᠡᠭᠡᠨ ᠬᠡᠯᠡᠭᠰᠡᠨ ᠨᠢ᠂ ᠳᠤᠮᠳᠠᠳᠤ ᠤᠯᠤᠰ ᠤᠨ

ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠭᠡᠷᠡᠯ ᠵᠢᠷᠤᠭ ᠤᠨ ᠤᠷᠠᠯᠢᠭ ᠤᠨ ᠦᠵᠡᠬᠦᠯᠦᠯᠭᠡ ᠨᠢ ᠦᠬᠠᠢ ᠶᠢᠨ ᠢᠯᠡ

ᠲᠣᠳᠣ ᠣᠨᠴᠠᠯᠢᠭ ᠲᠠᠢ ᠭᠠᠵᠠᠷ ᠣᠷᠣᠨ ᠤ ᠰᠣᠶᠣᠯ ᠪᠣᠯᠤᠨ ᠭᠡᠷᠡᠯ ᠵᠢᠷᠤᠭ ᠤᠨ ᠰᠣᠶᠣᠯ ᠢ ᠭᠦᠢᠴᠡᠳ

ᠤᠶᠠᠯᠳᠤᠭᠤᠯᠵᠤ᠂ ᠦᠬᠠᠢ ᠶᠢᠨ ᠠᠮᠢ ᠠᠬᠤᠢ ᠶᠢᠨ ᠭᠡᠷᠡᠯ ᠵᠢᠷᠤᠭ ᠤᠨ ᠤᠷᠠᠯᠢᠭ ᠤᠨ ᠰᠣᠯᠢᠯᠴᠠᠭᠠᠨ ᠤ ᠥᠨᠳᠦᠷᠯᠢᠭ

ᠭᠠᠵᠠᠷ ᠪᠣᠯᠬᠤ ᠶᠢ ᠠᠬᠢᠭᠤᠯᠬᠤ ᠨᠢ ᠯᠠᠪᠲᠠᠢ ᠶᠤᠮ ᠬᠡᠵᠡᠢ᠃

     ᠰᠢᠶᠧ ᠵᠢᠶᠠᠨ ᠭᠦᠸᠧ ᠲᠠᠨᠢᠯᠴᠠᠭᠤᠯᠤᠭᠰᠠᠨ ᠨᠢ᠂ ᠲᠣᠰ ᠤᠳᠠᠭᠠᠨ ᠤ ᠭᠡᠷᠡᠯ ᠵᠢᠷᠤᠭ ᠤᠨ ᠤᠷᠠᠯᠢᠭ ᠤᠨ

ᠦᠵᠡᠭᠦᠯᠦᠯᠭᠡ ᠨᠢ ᠣᠶ ᠰᠢᠭᠤᠶ᠂ ᠨᠤᠭᠤ ᠭᠠᠵᠠᠷ᠂ ᠨᠠᠭᠤᠷ ᠲᠡᠯᠡᠶ᠂ ᠡᠯᠡᠰᠦᠨ ᠴᠥᠯ᠂ ᠬᠤᠲᠠ ᠵᠡᠷᠭᠡ ᠠᠮᠢ ᠠᠬᠤᠶ ᠶᠢᠨ

ᠰᠢᠰᠲ᠋ᠧᠮ ᠢᠶᠠᠷ ᠦᠵᠡᠬᠦᠯᠦᠯᠭᠡ ᠶᠢ ᠲᠦᠰᠦᠪᠯᠡᠬᠦ ᠪᠦᠲᠦᠴᠡ ᠪᠤᠯᠭᠠᠵᠤ᠂ ᠵᠢᠷᠤᠭ ᠳᠦᠷᠰᠦ ᠪᠠᠷ ᠲᠤᠭᠠᠴᠢᠯᠳᠠ ᠬᠢᠬᠦ

ᠠᠷᠭ᠎ᠠ ᠮᠠᠶ᠋ᠢᠭ ᠪᠤᠯᠭᠠᠵᠤ᠂ ᠰᠡᠭᠦᠳᠡᠷᠯᠡᠬᠦ ᠮᠠᠰᠢᠨ ᠢᠶᠠᠨ ᠬᠦᠬᠦᠳᠡᠨ ᠠᠮᠢᠲᠠᠨ᠂ ᠰᠢᠪᠠᠭᠤᠨ ᠤ ᠲᠥᠷᠥᠯ ᠵᠡᠷᠭᠡ

ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠳᠤ ᠬᠠᠨᠲᠤᠭᠤᠯᠵᠤ᠂ ᠠᠳᠠᠯᠢ ᠪᠤᠰᠤ

ᠬᠠᠷᠠᠭᠠᠰᠤ ᠠᠴᠠ ᠳᠤᠮᠳᠠᠳᠤ ᠤᠯᠤᠰ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠭᠤᠸ᠎ᠠ ᠰᠠᠶᠢᠬᠠᠨ ᠢ

ᠢᠯᠡᠷᠡᠭᠦᠯᠪᠡ᠃ ᠡᠭᠦᠨ ᠤ ᠬᠠᠮᠲᠤ᠂ ᠭᠡᠷᠡᠯ ᠵᠢᠷᠤᠭ ᠤᠨ ᠪᠦᠲᠦᠭᠡᠯ ᠨᠢᠭᠡᠪᠦᠷᠢ ᠨᠢ ᠴᠥᠮ ᠵᠢᠷᠤᠭ ᠤᠨ ᠲᠠᠶᠢᠯᠪᠤᠷᠢ ᠪᠠ

ᠬᠤᠶᠠᠷ ᠬᠡᠮᠵᠢᠯᠳᠦ ᠺᠣᠳ᠋ ᠢᠶᠠᠷ ᠬᠠᠪᠰᠤᠷᠤᠮᠵᠢ ᠪᠣᠯᠭᠠᠵᠤ᠂ ᠭᠡᠷᠡᠯ ᠵᠢᠷᠤᠭᠴᠢᠨ ᠤ ᠰᠡᠭᠦᠳᠡᠷᠯᠡᠭᠰᠡᠨ ᠲᠤᠬᠠᠢ

ᠣᠶᠢᠯᠠᠭᠠᠯᠲᠠ᠂ ᠠᠮᠢᠳᠤ ᠪᠣᠳᠠᠰ ᠤᠨ ᠳᠦᠷᠰᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠪᠠ

ᠬᠤᠯᠪᠤᠭᠳᠠᠯ ᠪᠥᠬᠦᠶ ᠬᠠᠤᠯᠢ ᠴᠠᠭᠠᠵᠠ ᠶᠢᠨ ᠮᠡᠳᠡᠯᠭᠡ ᠶᠢ ᠲᠠᠨᠢᠯᠴᠠᠭᠤᠯᠵᠤ᠂ ᠲᠣᠭᠤᠷᠢᠨ ᠦᠵᠡᠭᠰᠡᠳ ᠤᠨ ᠪᠡᠶᠡᠴᠢᠯᠡᠨ

ᠣᠶᠢᠯᠠᠭᠠᠬᠤ ᠰᠡᠳᠬᠢᠯᠭᠡ ᠪᠠ ᠪᠠᠶᠢᠭᠠᠯᠢ ᠶᠢᠨ ᠮᠡᠳᠡᠯᠭᠡ ᠳᠠᠬᠢ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠪᠡ ᠭᠡᠵᠡᠢ᠃

     ᠰᠢᠶᠧ ᠵᠢᠶᠠᠨ ᠭᠦᠸᠧ ᠢᠯᠡᠷᠭᠡᠶᠢᠯᠡᠭᠰᠡᠨ ᠨᠢ᠂ ᠦᠬᠠᠢ ᠳᠤ ᠬᠤᠪᠣᠷ ᠲᠣᠬᠢᠶᠠᠯᠳᠤᠬᠤ ᠨᠤᠭᠤ ᠭᠠᠵᠠᠷ᠂ ᠡᠯᠡᠰᠦ

ᠮᠠᠩᠬ᠎ᠠ᠂ ᠨᠠᠭᠤᠷ ᠤᠨ ᠬᠥᠪᠡᠭᠡ᠂ ᠥᠨᠳᠥᠷ ᠠᠭᠤᠯᠠ ᠬᠠᠮᠲᠤ ᠪᠠᠷ ᠣᠷᠣᠰᠢᠬᠤ ᠠᠮᠢ ᠠᠬᠤᠢ ᠶᠢᠨ ᠰᠢᠰᠲ᠋ᠧᠮ ᠲᠠᠢ

ᠪᠠᠶᠢᠬᠤ ᠶᠢᠨ ᠬᠠᠮᠲᠤ ᠪᠠᠰᠠ ᠭᠦᠨ ᠵᠤᠵᠠᠭᠠᠨ ᠤᠷᠠᠯᠢᠭ ᠤᠨ ᠠᠭᠤᠯᠤᠭᠳᠠᠬᠤᠨ ᠲᠠᠢ ᠪᠠᠶᠢᠵᠤ᠂ ᠠᠮᠢ ᠠᠬᠤᠢ ᠶᠢᠨ ᠭᠡᠷᠡᠯ

ᠵᠢᠷᠤᠭ ᠤᠨ ᠪᠠᠭ᠋ᠠᠲᠠᠳ ᠤᠨ ᠳ᠋ᠧᠪᠠᠵᠠᠨ ᠪᠣᠯᠤᠨ᠎ᠠ᠃ ᠦᠬᠠᠢ ᠬᠤᠳᠠ ᠶᠢᠨ ᠬᠢᠨ ᠵᠢᠷᠤᠭ ᠳᠦᠷᠰᠦ ᠪᠠᠷ ᠰᠣᠶᠣᠯ

ᠵᠢᠭᠤᠯᠴᠢᠯᠠᠯ ᠢ ᠳᠠᠶᠢᠴᠢᠯᠠᠬᠤ᠂ ᠰᠣᠶᠣᠯ ᠵᠢᠭᠤᠯᠴᠢᠯᠠᠯ ᠢᠶᠠᠷ ᠠᠮᠢ ᠠᠬᠤᠢ ᠶᠢ ᠲᠡᠳᠬᠦᠬᠦ ᠦᠷᠭᠦᠯᠵᠢᠯᠡᠬᠦ

ᠬᠥᠭᠵᠢᠯᠲᠡ ᠶᠢᠨ ᠠᠷᠭ᠎ᠠ ᠵᠠᠮ ᠢ ᠰᠦᠪᠡᠭᠴᠢᠯᠡᠵᠦ᠂ ᠭᠡᠷᠡᠯ ᠵᠢᠷᠤᠭ ᠤᠨ ᠤᠷᠠᠯᠢᠭ ᠢ ᠦᠨᠡᠨᠬᠦ ᠦᠬᠠᠢ ᠶᠢᠨ ᠪᠣᠬᠢᠷᠲᠤᠯ

ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠰᠢᠨ᠎ᠡ ᠬᠥᠳᠡᠯᠭᠡᠭᠦᠷ ᠪᠣᠯᠭᠠᠬᠤ ᠶᠢ ᠬᠦᠰᠡᠵᠦ ᠪᠠᠶᠢᠨ᠎ᠠ ᠬᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号