ᠦᠬᠠᠢ ᠬᠤᠳᠠ ᠠᠮᠢ ᠠᠬᠤᠢ ᠶᠢᠨ ᠭᠡᠷᠡᠯ ᠵᠢᠷᠤᠭ ᠢ ᠬᠦᠭᠵᠢᠭᠦᠯᠬᠦ ᠨᠢ ᠴᠢᠬᠤᠯᠠ ᠶᠡᠭᠡ ᠠᠴᠢ ᠬᠤᠯᠪᠤᠭᠳᠠᠯ ᠲᠠᠢ ᠶᠤᠮ
ᠨᠡᠶᠢᠲᠡᠯᠡᠭᠰᠡᠨ ᠴᠠᠭ᠄
2025/4/1
—ᠳᠤᠮᠳᠠᠳᠤ ᠤᠯᠤᠰ ᠤᠨ ᠤᠢ ᠰᠢᠭᠤᠢ ᠶᠢᠨ ᠤᠳᠬ᠎ᠠ ᠤᠷᠠᠯᠢᠭ ᠤᠨ ᠬᠤᠯᠪᠤᠭᠠᠲᠤ ᠬᠤᠷᠠᠯ ᠤᠨ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠤᠢ ᠰᠢᠭᠤᠢ ᠶᠢᠨ ᠠᠮᠢ ᠠᠬᠤᠢ ᠶᠢᠨ ᠭᠡᠷᠡᠯ ᠵᠢᠷᠤᠭ ᠤᠨ ᠨᠡᠶᠢᠭᠡᠮᠯᠢᠭ ᠤᠨ ᠲᠡᠷᠢᠭᠦᠯᠡᠭᠴᠢ ᠴᠧᠨ ᠵᠢᠶᠠᠨ ᠸᠧᠢ ᠶᠢ ᠰᠣᠷᠪᠣᠯᠵᠢᠯᠠᠭᠰᠠᠨ ᠨᠢ

     3 ᠰᠠᠷ᠎ᠠ ᠶᠢᠨ 30 ᠡᠳᠦᠷ᠂ ᠳᠤᠮᠳᠠᠳᠤ ᠤᠯᠤᠰ ᠤᠨ ᠤᠢ ᠰᠢᠭᠤᠢ ᠶᠢᠨ ᠤᠳᠬ᠎ᠠ ᠤᠷᠠᠯᠢᠭ ᠤᠨ ᠬᠤᠯᠪᠤᠭᠠᠲᠤ

ᠬᠤᠷᠠᠯ ᠤᠨ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠤᠢ ᠰᠢᠭᠤᠢ ᠶᠢᠨ ᠠᠮᠢ ᠠᠬᠤᠢ ᠶᠢᠨ ᠭᠡᠷᠡᠯ ᠵᠢᠷᠤᠭ ᠤᠨ

ᠨᠡᠶᠢᠭᠡᠮᠯᠢᠭ ᠤᠨ ᠲᠡᠷᠢᠭᠦᠯᠡᠭᠴᠢ ᠴᠧᠨ ᠵᠢᠶᠠᠨ ᠸᠧᠢ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ

ᠬᠡᠯᠡᠭᠰᠡᠨ ᠨᠢ᠂ ᠠᠮᠢ ᠠᠬᠤᠶ ᠶᠢᠨ ᠭᠡᠷᠡᠯ ᠵᠢᠷᠤᠭ ᠪᠣᠯ ᠣᠶᠢᠷ᠎ᠠ ᠶᠢᠨ ᠵᠢᠯ ᠤᠳ ᠲᠤ ᠮᠠᠨ ᠤ ᠤᠯᠤᠰ ᠲᠤ ᠬᠥᠭᠵᠢᠨ

ᠮᠠᠨᠳᠤᠭᠰᠠᠨ ᠭᠡᠷᠡᠯ ᠵᠢᠷᠤᠭ ᠤᠨ ᠰᠢᠨ᠎ᠡ ᠣᠶᠢᠯᠠᠭᠠᠭᠳᠠᠬᠤᠨ ᠪᠣᠯᠤᠨ᠎ᠠ᠂ ᠲᠣᠰ ᠤᠳᠠᠭᠠᠨ ᠤ ᠦᠵᠡᠬᠦᠯᠦᠯᠭᠡ ᠳᠤ ᠪᠢᠳᠡ

ᠪᠥᠬᠦ ᠤᠯᠤᠰ ᠤᠨ ᠬᠡᠪᠴᠢᠶᠡᠨ ᠳᠤ ᠨᠡᠯᠢᠶᠡᠳ ᠥᠨᠳᠥᠷ ᠬᠢᠷᠢ ᠲᠦᠪᠰᠢᠨ ᠪᠥᠬᠦᠶ ᠠᠮᠢ ᠠᠬᠤᠶ ᠶᠢᠨ ᠬᠡᠷᠡᠯ

ᠵᠢᠷᠤᠭ ᠤᠨ ᠪᠦᠲᠦᠭᠡᠯ ᠢ ᠣᠯᠵᠤ ᠬᠠᠷᠠᠪᠠ᠃ ᠢᠯᠠᠩᠭᠤᠶ᠎ᠠ ᠦᠬᠠᠶ ᠶᠢᠨ ᠨᠤᠲᠤᠭ ᠤᠨ ᠠᠮᠢ ᠠᠬᠤᠢ ᠶᠢᠨ ᠭᠡᠷᠡᠯ

ᠵᠢᠷᠤᠭᠴᠢᠳ ᠮᠠᠰᠢ ᠣᠯᠠᠨ ᠮᠠᠰᠢ ᠰᠠᠶᠢᠨ ᠭᠡᠷᠡᠯ ᠵᠢᠷᠤᠭ ᠲᠠᠲᠠᠭᠰᠠᠨ ᠪᠠᠶᠢᠨ᠎ᠠ᠂ ᠠᠰᠬ᠎ᠠ ᠬᠠᠳᠠ ᠳᠡᠭᠡᠷᠡᠬᠢ ᠶᠠᠩᠬᠢᠷ

ᠭᠡᠰᠡᠨ ᠦᠭᠡᠢ᠂ ᠡᠯᠡᠰᠦᠨ ᠴᠦᠯ ᠤᠨ ᠲᠣᠭᠤᠷᠤᠤ ᠭᠡᠰᠡᠨ ᠦᠭᠡᠢ ᠴᠥᠮ ᠬᠥᠮᠦᠰ ᠤᠨ ᠪᠠᠭ᠋ᠠᠷᠣᠯ ᠢ ᠲᠠᠳᠠᠵᠠᠢ᠃

ᠠᠭᠤᠯᠠ ᠤᠰᠤ ᠡᠯᠡᠰᠦ ᠬᠤᠳᠠ ᠶᠢᠨ ᠥᠪᠡᠷᠮᠢᠴᠡ ᠦᠵᠡᠮᠵᠢ ᠶᠢᠨ ᠳᠠᠪᠠᠭᠤᠯᠢᠭ ᠨᠢ ᠦᠬᠠᠢ ᠶᠢᠨ ᠠᠮᠢ ᠠᠬᠤᠢ ᠶᠢᠨ

ᠭᠡᠷᠡᠯ ᠵᠢᠷᠤᠭ ᠤᠨ ᠳᠤᠮᠳᠠ ᠶᠡᠭᠡ ᠠᠮᠵᠢᠯᠲᠠ ᠣᠯᠵᠠᠢ ᠭᠡᠵᠡᠢ᠃

     ᠴᠧᠨ ᠵᠢᠶᠠᠨ ᠸᠧᠶ ᠬᠡᠯᠡᠭᠰᠡᠨ ᠨᠢ᠂ ᠲᠣᠰ ᠤᠳᠠᠭᠠᠨ ᠤ ︽ᠦᠵᠡᠰᠬᠦᠯᠡᠩᠲᠦ ᠰᠠᠶᠢᠬᠠᠨ ᠭᠡᠷ ᠣᠷᠣᠨ· ᠲᠦᠮᠡᠨ

ᠪᠤᠳᠠᠰ ᠬᠠᠮᠲᠤ ᠪᠠᠷ ᠣᠷᠣᠰᠢᠨᠠᠮ︾ ᠭᠡᠬᠦ ᠳᠤᠮᠳᠠᠳᠤ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠡᠷᠡᠯ

ᠵᠢᠷᠤᠭ ᠤᠨ ᠤᠷᠠᠯᠢᠭ ᠤᠨ ᠦᠵᠡᠭᠦᠯᠦᠯᠭᠡ ᠶᠢᠨ ᠬᠡᠯᠪᠡᠷᠢ ᠨᠢ ᠰᠢᠨ᠎ᠡ᠂ ᠬᠡᠪᠴᠢᠶ᠎ᠡ ᠪᠠᠷ ᠶᠡᠭᠡ᠂ ᠪᠦᠲᠦᠭᠡᠯ ᠨᠢ ᠨᠠᠷᠢᠯᠢᠭ

ᠪᠠᠶᠢᠳᠠᠭ᠃ ᠭᠡᠷᠡᠯ ᠵᠢᠷᠤᠭ ᠪᠣᠯ ᠲᠡᠮᠳᠡᠭᠯᠡᠭᠦᠷ ᠪᠣᠯᠬᠤ ᠪᠠᠷ ᠪᠠᠷᠠᠬᠤ ᠦᠭᠡᠢ᠂ ᠨᠡᠩ ᠴᠤ ᠠᠮᠢ ᠠᠬᠤᠢ ᠶᠢᠨ ᠰᠣᠶᠣᠯ ᠤᠨ

ᠣᠷᠴᠢᠭᠤᠯᠤᠭᠴᠢ ᠪᠣᠯᠤᠨ᠎ᠠ᠃ ᠬᠡᠷᠪᠡ ᠠᠮᠢ ᠠᠬᠤᠢ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ

ᠬᠤᠪᠢᠷᠠᠭᠤᠯᠪᠠᠯ᠂ ᠦᠬᠠᠢ ᠬᠤᠳᠠ ᠳᠤ ᠯᠤᠲᠤ ᠶᠡᠭᠡ ᠳᠠᠯᠳᠠ ᠬᠦᠴᠦᠨ ᠲᠠᠢ᠂ ᠣᠨᠴᠠᠭᠠᠶᠢᠯᠠᠨ ᠠᠮᠢ ᠠᠬᠤᠢ ᠶᠢᠨ ᠭᠡᠷᠡᠯ

ᠵᠢᠷᠤᠭ ᠤᠨ ᠲᠠᠯ᠎ᠠ ᠪᠠᠷ᠂ ᠭᠡᠷᠡᠯ ᠵᠢᠷᠤᠭᠴᠢᠳ ᠬᠡᠳᠦᠨ ᠠᠷᠪᠠᠨ ᠵᠢᠯ ᠤᠨ ᠠᠮᠢ ᠠᠬᠤᠢ ᠣᠷᠴᠢᠨ ᠲᠣᠭᠤᠷᠢᠨ ᠤ

ᠬᠤᠪᠢᠷᠠᠯᠲᠠ ᠶᠢ ᠭᠡᠷᠡᠯ ᠵᠢᠷᠤᠭ ᠤᠨ ᠤᠷᠠᠯᠢᠭ ᠢᠶᠠᠷ ᠢᠯᠡᠷᠡᠭᠦᠯᠵᠦ᠂ ᠦᠬᠠᠢ ᠶᠢᠨ ᠰᠣᠶᠣᠯ ᠤᠨ ᠠᠵᠤ ᠦᠢᠯᠡᠰ ᠪᠣᠯᠤᠨ

ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠲᠠᠯ᠎ᠠ ᠪᠠᠷ ᠢᠳᠡᠪᠬᠢ ᠠᠴᠢ ᠬᠤᠯᠪᠣᠭᠳᠠᠯ ᠲᠠᠢ

ᠪᠠᠶᠢᠵᠤ᠂ ᠪᠠᠰᠠ ᠬᠤᠳᠠ ᠶᠢᠨ ᠢᠯᠡ ᠲᠣᠳᠣ ᠤᠬᠠᠭᠤᠯᠭ᠎ᠠ ᠶᠢᠨ ᠹᠢᠯᠢᠮ ᠪᠤᠯᠵᠤ ᠪᠤᠯᠤᠨ᠎ᠠ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号