3 ᠰᠠᠷ᠎ᠠ ᠶᠢᠨ 31 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ ᠬᠠᠶᠢᠷᠤᠪ ᠤᠨ ᠲᠣᠬᠤᠢ ᠲᠣᠭᠤᠷᠢᠭ ᠲᠤ ᠪᠥᠬᠦ ᠬᠤᠲᠠ ᠶᠢᠨ ᠶᠡᠷᠦᠩᠬᠡᠶᠢᠯᠡᠨ ᠵᠠᠰᠠᠬᠤ ᠲᠥᠪ ᠤᠨ | ᠵᠢᠷᠤᠮᠵᠢᠭᠰᠠᠨ ᠪᠠᠶᠢᠭᠤᠯᠤᠯᠲᠠ ᠶᠢᠨ ᠠᠩᠬᠠᠳᠤᠭᠠᠷ ᠤᠳᠠᠭᠠᠨ ᠤ ᠲᠤᠬᠠᠶ ᠶᠢᠨ ᠲᠠᠯᠠᠪᠠᠢ ᠶᠢᠨ ᠠᠬᠢᠭᠤᠯᠬᠤ ᠬᠤᠷᠠᠯ | ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠶᠠᠨ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ | ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠶᠡᠷᠦᠩᠬᠡᠶᠢᠯᠡᠨ ᠵᠠᠰᠠᠬᠤ | ᠲᠥᠪ ᠤᠨ ᠬᠠᠷᠢᠭᠤᠴᠠᠯᠭᠠᠲᠠᠨ᠂ ᠬᠤᠲᠠ ᠶᠢᠨ ᠰᠢᠭᠤᠳ ᠬᠠᠷᠢᠶ᠎ᠠ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ | ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ 20 ᠪᠠᠯᠭᠠᠰᠤ ︵ᠵᠡᠭᠡᠯᠢ ᠭᠤᠳᠤᠮᠵᠢ︶ ᠶᠢᠨ ᠤᠯᠤᠰ ᠲᠥᠷᠥ | ᠬᠠᠤᠯᠢ ᠴᠠᠭᠠᠵᠠ ᠶᠢᠨ ᠭᠡᠰᠢᠭᠦᠨ ᠬᠤᠷᠠᠯ ᠳᠤ ᠣᠷᠣᠯᠴᠠᠪᠡ᠃ | ᠶᠠᠨ ᠳ᠋ᠦᠩ ᠴᠢᠬᠤᠯᠠᠴᠢᠯᠠᠭᠰᠠᠨ ᠨᠢ᠂ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ | ᠴᠢᠩᠭᠠᠳᠬᠠᠬᠤ ᠪᠣᠯ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠪᠠᠶᠢᠷᠢᠯᠠᠭᠤᠯᠤᠭᠰᠠᠨ ᠨᠢᠭᠡ | ᠵᠦᠢᠯ ᠤᠨ ᠭᠤᠤᠯᠳᠠᠯᠭ᠎ᠠ ᠲᠠᠢ ᠠᠵᠢᠯ ᠪᠣᠯᠤᠨ᠎ᠠ᠂ ᠲᠥᠪ ᠤᠨ ᠤᠯᠤᠰ ᠲᠥᠷᠥ ᠶᠢᠨ ᠲᠣᠪᠴᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠳᠥᠷᠪᠡᠨ | ᠱᠠᠲᠤᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠭᠤᠤᠯᠳᠠᠯᠭ᠎ᠠ ᠳᠤ ᠣᠷᠣᠭᠤᠯᠤᠭᠰᠠᠨ ᠪᠠᠶᠢᠨ᠎ᠠ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ᠂ ᠶᠡᠷᠦᠩᠬᠡᠶᠢᠯᠡᠨ ᠵᠠᠰᠠᠬᠤ | ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠪᠣᠭᠤᠮᠲᠠ ᠰᠢᠪᠲᠤᠯᠤᠨ ᠠᠬᠢᠭᠤᠯᠬᠤ | ᠬᠡᠷᠡᠭᠲᠡᠢ᠃ ᠠᠵᠢᠯ ᠤᠨ ᠲᠣᠭᠲᠠᠴᠠ ᠪᠠᠨ ᠤᠯᠠᠮ ᠨᠢᠭᠡ ᠠᠯᠬᠤᠮ ᠰᠢᠯᠤᠭᠤᠳᠬᠠᠵᠤ᠂ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠲᠣᠭᠲᠠᠴᠠ ᠪᠠᠨ ᠲᠡᠭᠦᠯᠳᠡᠷᠵᠢᠭᠦᠯᠬᠦ ᠪᠠᠷ ᠳᠠᠮᠵᠢᠭᠤᠯᠤᠨ ᠬᠦᠴᠦᠨ ᠢ ᠨᠡᠶᠢᠳᠬᠡᠬᠦ᠂ ᠬᠡᠷᠡᠭ ᠶᠠᠪᠤᠳᠠᠯ ᠢ | ᠰᠢᠢᠳᠪᠦᠷᠢᠯᠡᠬᠦ ᠪᠢᠲᠡᠭᠦᠦ ᠴᠠᠭᠠᠷᠢᠭ ᠤᠨ ᠲᠣᠭᠲᠠᠴᠠ ᠪᠠᠨ ᠲᠡᠭᠦᠯᠳᠡᠷᠵᠢᠭᠦᠯᠬᠦ ᠪᠠᠷ ᠳᠠᠮᠵᠢᠭᠤᠯᠤᠨ ᠴᠤᠪᠤᠷᠠᠯ ᠢᠶᠠᠨ | ᠵᠢᠷᠤᠮᠵᠢᠭᠤᠯᠬᠤ᠂ ᠲᠤᠭ᠎ᠠ ᠪᠠᠷᠢᠮᠲᠠ ᠶᠢ ᠴᠤᠭᠯᠠᠭᠤᠯᠤᠨ ᠰᠤᠳᠤᠯᠤᠨ ᠮᠠᠭᠠᠳᠯᠠᠬᠤ ᠲᠣᠭᠲᠠᠴᠠ ᠪᠠᠨ | ᠲᠡᠭᠦᠯᠳᠡᠷᠵᠢᠭᠦᠯᠬᠦ ᠪᠠᠷ ᠳᠠᠮᠵᠢᠭᠤᠯᠤᠨ ᠡᠨᠧᠷᠭᠢ ᠣᠯᠭᠤᠵᠤ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠠᠲᠤᠯᠠᠬᠤ | ᠬᠡᠷᠡᠭᠲᠡᠢ᠃ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠵᠥᠷᠢᠴᠡᠯ | ᠵᠢᠭᠤᠷᠠᠯᠳᠤᠭᠠᠨ ᠢ ᠰᠢᠢᠳᠪᠦᠷᠢᠯᠡᠬᠦ ᠳᠤ ︽ᠬᠡᠲᠦᠷᠡᠬᠦ ᠳᠡᠭᠡᠨ ᠨᠢᠭᠡ ᠭᠠᠵᠠᠷ ᠭᠦᠶᠦᠯᠭᠡᠬᠦ︾ ᠶᠢ ᠦᠨᠡᠨ ᠬᠦ ᠪᠡᠶᠡᠯᠡᠭᠦᠯᠬᠦ | ᠬᠡᠷᠡᠭᠲᠡᠶ ᠭᠡᠵᠡᠢ᠃ | ᠬᠤᠷᠠᠯ ᠳᠤ ᠣᠷᠣᠯᠴᠠᠭᠰᠠᠳ ᠬᠠᠶᠢᠷᠤᠪ ᠤᠨ ᠲᠣᠬᠤᠢ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ᠂ ᠴᠡᠭᠡᠯ | ᠠᠭᠤᠯᠠ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠶᠡᠷᠦᠩᠬᠡᠶᠢᠯᠡᠨ | ᠵᠠᠰᠠᠬᠤ ᠲᠥᠪ ᠤᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠢ ᠲᠤᠬᠠᠶ ᠶᠢᠨ ᠭᠠᠵᠠᠷ ᠲᠤᠨᠢ | ᠲᠣᠭᠤᠷᠢᠨ ᠦᠵᠡᠵᠦ᠂ ᠡᠯ᠎ᠡ ᠦᠵᠡᠭᠦᠯᠦᠯᠭᠡ ᠶᠢᠨ ᠴᠢᠭ ᠤᠨ ᠬᠢᠨ ᠲᠣᠰ ᠲᠣᠰ ᠰᠠᠨᠠᠯ ᠢᠶᠠᠨ ᠰᠣᠯᠢᠯᠴᠠᠬᠤ ᠶᠠᠷᠢᠶ᠎ᠠ | ᠲᠠᠯᠪᠢᠪᠠ᠃ |