| | | | ᠦᠬᠠᠶ ᠥᠷᠲᠡᠭᠡ ᠪᠣᠯ ᠪᠤᠭᠤᠲᠤ ᠠᠴᠠ ᠢᠷᠭᠠᠢ ᠬᠦᠷᠬᠦ ᠲᠡᠭᠡᠲᠤ ᠬᠤᠷᠲᠤᠴᠠᠲᠤ ᠲᠡᠮᠦᠷ ᠵᠠᠮ ᠤᠨ ᠪᠦᠬᠦ | ᠱᠤᠭᠤᠮ ᠤᠨ ᠬᠠᠮᠤᠭ ᠤᠨ ᠶᠡᠭᠡ ᠰᠢᠨ᠎ᠡ ᠪᠠᠷ ᠪᠠᠶᠢᠭᠤᠯᠤᠭᠰᠠᠨ ᠥᠷᠲᠡᠭᠡ ᠪᠣᠯᠤᠨ᠎ᠠ᠃ ᠣᠳᠣᠬᠠᠨ ᠳᠤ᠂ ᠦᠬᠠᠶ | ᠥᠷᠲᠡᠭᠡ ᠶᠢᠨ ᠪᠠᠷᠢᠯᠭ᠎ᠠ ᠦᠨᠳᠦᠰᠦᠨ ᠳᠡᠭᠡᠨ ᠳᠠᠭᠤᠰᠴᠤ᠂ ᠶᠠᠭ ᠦᠯᠡᠳᠡᠭᠳᠡᠯ ᠠᠵᠢᠯ ᠢᠶᠠᠨ ᠬᠢᠵᠦ ᠪᠠᠶᠢᠨ᠎ᠠ︔ | ᠥᠷᠲᠡᠭᠡᠨ ᠤ ᠪᠠᠷᠢᠯᠭ᠎ᠠ ᠶᠢᠨ 2000 ᠣᠷᠳᠣᠳᠬᠠᠯ ᠮᠧᠲᠷ ᠤᠨ ᠭᠤᠤᠯ ᠴᠣᠭᠴᠠ ᠶᠢᠨ ᠪᠦᠲᠦᠴᠡ ᠶᠢᠨ | ᠪᠠᠷᠢᠯᠭ᠎ᠠ ᠶᠢᠨ ᠠᠵᠢᠯ ᠢ ᠨᠢᠭᠡᠨᠲᠡ ᠳᠠᠭᠤᠰᠬᠠᠵᠤ᠂ ᠶᠠᠭ ᠰᠠᠶᠢᠬᠠᠨ ᠵᠠᠰᠠᠯ ᠴᠢᠮᠡᠭᠯᠡᠯ ᠤᠨ ᠠᠵᠢᠯ ᠢᠶᠠᠨ ᠬᠢᠵᠦ ᠪᠠᠶᠢᠨ᠎ᠠ︔ | ᠥᠷᠲᠡᠭᠡᠨ ᠤ ᠡᠮᠦᠨᠡᠬᠢ ᠠᠭᠤᠳᠠᠮ ᠲᠠᠯᠠᠪᠠᠶ᠂ ᠥᠷᠲᠡᠭᠡᠨ ᠤ ᠡᠮᠦᠨᠡᠬᠢ ᠵᠠᠮ᠂ ᠠᠶᠠᠨᠴᠢᠳ ᠪᠠᠭᠤᠬᠤ ᠲᠠᠪᠴᠠᠩ ᠵᠡᠷᠭᠡ | ᠪᠠᠷᠢᠯᠭ᠎ᠠ ᠪᠠᠨ ᠶᠠᠭ ᠯᠠᠪᠳᠠᠭᠤᠨ ᠢᠶᠠᠷ ᠠᠬᠢᠭᠤᠯᠵᠤ ᠪᠠᠶᠢᠨ᠎ᠠ᠃ | ᠦᠬᠠᠶ ᠥᠷᠲᠡᠭᠡ ᠶᠢᠨ ᠦᠷᠲᠡᠭᠡᠨ ᠤ ᠪᠦᠬᠦᠯᠢ ᠴᠣᠭᠴᠠ ᠶᠢᠨ ᠵᠢᠷᠤᠭ ᠲᠥᠯᠥᠪᠯᠡᠭᠡ ᠨᠢ ᠡᠷᠡᠯᠬᠡᠭ ᠪᠦᠷᠭᠦᠳ | ᠵᠢᠭᠦᠷ ᠢᠶᠠᠨ ᠳᠡᠯᠭᠡᠵᠦ ᠪᠠᠶᠢᠭ᠎ᠠ ᠮᠡᠲᠤ ᠪᠠᠷ ᠳᠦᠷᠰᠦ ᠪᠤᠯᠭᠠᠵᠤ᠂ ᠭᠠᠵᠠᠷ ᠳᠡᠭᠡᠷᠡᠬᠢ 2 ᠳᠠᠪᠬᠤᠷᠭ᠎ᠠ᠂ ᠭᠠᠵᠠᠷ | ᠳᠣᠤᠷᠠᠬᠢ 1 ᠳᠠᠪᠬᠤᠷᠭ᠎ᠠ᠂ ᠪᠠᠷᠢᠯᠭ᠎ᠠ ᠶᠢᠨ ᠲᠠᠯᠠᠪᠠᠶ ᠨᠢ ᠪᠠᠷᠤᠭ 10000 ᠲᠡᠭᠰᠢ ᠳᠥᠷᠪᠡᠯᠵᠢᠨ ᠮᠧᠲᠷ ᠪᠤᠯᠤᠨ᠎ᠠ︔ | ᠠᠶᠠᠨᠴᠢᠳ ᠤᠨ ᠨᠦᠬᠡᠨ ᠵᠠᠮ ᠤᠨ ᠪᠠᠷᠢᠯᠭ᠎ᠠ ᠶᠢᠨ ᠲᠠᠯᠠᠪᠠᠶ ᠨᠢ ᠪᠠᠷᠤᠭ 5795 ᠲᠡᠭᠰᠢ ᠳᠥᠷᠪᠡᠯᠵᠢᠨ ᠮᠧᠲᠷ | ᠪᠣᠯᠤᠨ᠎ᠠ᠃ ᠦᠷᠳᠡᠭᠡᠨ ᠤ ᠲᠠᠯᠠᠪᠠᠢ ᠶᠢᠨ ᠲᠥᠯᠥᠪᠯᠡᠭᠰᠡᠨ ᠬᠡᠪᠴᠢᠶ᠎ᠡ ᠨᠢ 4 ᠰᠠᠭᠤᠷᠢ ᠥᠷᠲᠡᠭᠡ ᠶᠢᠨ ᠲᠠᠪᠴᠠᠩ 11 | ᠱᠤᠭᠤᠮ ᠲᠠᠢ᠂ ᠡᠭᠦᠨ ᠳᠤ 1᠂ 2 ᠳ᠋ᠤᠭᠠᠷ ᠥᠷᠲᠡᠭᠡ ᠶᠢᠨ ᠲᠠᠪᠴᠠᠩ ᠨᠢ ᠳᠡᠭᠡᠳᠦ ᠬᠤᠷᠳᠣᠴᠠᠲᠤ ᠥᠷᠲᠡᠭᠡ ᠶᠢᠨ | ᠲᠡᠪᠴᠠᠩ᠂ 3᠂ 4 ᠳ᠋ᠣᠭᠡᠷ ᠥᠷᠲᠡᠭᠡ ᠶᠢᠨ ᠲᠠᠪᠴᠠᠩ ᠨᠢ ᠡᠩ ᠤᠨ ᠬᠤᠷᠳᠣᠴᠠᠲᠤ ᠥᠷᠲᠡᠭᠡ ᠶᠢᠨ ᠲᠡᠪᠴᠠᠩ ᠪᠣᠯᠣᠨ᠎ᠠ᠃ | |