4 ᠰᠠᠷ᠎ᠠ ᠶᠢᠨ 8 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ | ᠼᠦᠢ ᠵᠢᠩ ᠶᠢᠩ ᠬᠠᠶᠢᠷᠤᠪ ᠤᠨ ᠲᠤᠬᠤᠢ ᠲᠣᠭᠤᠷᠢᠭ ᠲᠤ ᠭᠦᠨᠵᠡᠭᠡᠶᠢᠷᠡᠨ᠂ ᠠᠮᠢ ᠠᠬᠤᠢ ᠣᠷᠴᠢᠨ ᠲᠣᠭᠤᠷᠢᠨ ᠤ | ᠬᠦᠷᠢᠶᠡᠨ ᠤ ᠭᠤᠣᠯᠳᠠᠯᠭ᠎ᠠ ᠲᠠᠢ ᠡᠭᠦᠷᠭᠡ ᠶᠢ ᠴᠡᠭᠴᠡᠯᠡᠨ ᠰᠠᠶᠢᠵᠢᠷᠠᠭᠤᠯᠤᠭᠰᠠᠨ᠂ ᠠᠶᠤᠯᠭᠦᠢ ᠦᠢᠯᠡᠳᠪᠦᠷᠢᠯᠡᠯ ᠵᠢᠴᠢ | ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠤᠬᠠᠢ ᠳᠠᠯᠳᠠᠭᠤᠷ | ᠰᠤᠷᠪᠤᠯᠵᠢᠯᠠᠨ ᠬᠢᠨᠠᠨ ᠵᠢᠯᠣᠭᠤᠳᠪᠠ᠃ ᠬᠤᠳᠠ ᠶᠢᠨ ᠳᠡᠳ᠋ ᠳᠠᠷᠤᠭ᠎ᠠ ᠸᠠᠩ ᠵᠢᠢ ᠫᠢᠩ ᠣᠷᠣᠯᠴᠠᠪᠠ᠃ | ᠼᠦᠢ ᠵᠢᠩ ᠶᠢᠩ ᠭᠤᠣᠯ ᠤᠨ ᠵᠠᠮ ᠢ ᠡᠵᠡᠯᠡᠭᠰᠡᠨ ᠵᠢᠴᠢ ᠲᠡᠤᠬᠡᠨ ᠠᠴᠠ ᠦᠯᠡᠳᠡᠭᠳᠡᠵᠦ ᠢᠷᠡᠭᠰᠡᠨ | ᠵᠠᠰᠠᠯᠲᠠ ᠶᠢᠨ ᠣᠷᠣᠨ ᠤ ᠵᠠᠰᠠᠯᠲᠠ ᠶᠢᠨ ᠠᠬᠢᠴᠠ ᠶᠢᠨ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠬᠦ ᠳᠡᠭᠡᠨ ᠬᠡᠯᠡᠭᠰᠡᠨ ᠨᠢ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠪᠣᠯ ᠠᠷᠠᠳ ᠤᠨ | ᠠᠮᠢᠳᠤᠷᠠᠯ ᠤᠨ ᠢᠨᠵᠧᠨᠧᠷᠢᠩ ᠪᠣᠯᠬᠤ ᠪᠠᠷ ᠪᠠᠷᠠᠬᠤ ᠦᠭᠡᠢ ᠨᠡᠩ ᠴᠤ ᠤᠯᠤᠰ ᠲᠦᠷᠦ ᠶᠢᠨ ᠡᠭᠦᠷᠭᠡ ᠪᠣᠯᠤᠨ᠎ᠠ᠃ ᠡᠯ᠎ᠡ | ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ | ᠴᠡᠭᠴᠡᠯᠡᠨ ᠰᠠᠶᠢᠵᠢᠷᠠᠭᠤᠯᠬᠤ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠠᠬᠢᠴᠠ ᠪᠠᠨ ᠲᠦᠷᠭᠡᠳᠬᠡᠨ᠂ ᠡᠯ᠎ᠡ ᠲᠥᠷᠥᠯ ᠤᠨ ᠠᠰᠠᠭᠤᠳᠠᠯ ᠢ | ᠲᠣᠭᠲᠠᠭᠰᠠᠨ ᠬᠤᠭᠤᠴᠠᠭᠠᠨ ᠳᠤ ᠴᠢᠨᠠᠷ ᠪᠠᠲᠤᠯᠠᠨ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ | ᠭᠡᠵᠡᠢ᠃ | ᠼᠦᠢ ᠵᠢᠩ ᠶᠢᠩ ᠭᠤᠸᠠᠩ ᠨᠠ ᠨᠡᠭᠦᠷᠡᠰᠦ ᠬᠡᠦᠷᠰᠢᠭᠦᠯᠬᠦ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ | ᠨᠢᠭᠡᠳᠦᠭᠡᠷ ᠹᠷᠣᠨᠲ ᠲᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠳᠠᠯᠳᠠᠭᠤᠷ ᠰᠤᠷᠪᠤᠯᠵᠢᠯᠠᠬᠤ | ᠦᠶ᠎ᠡ ᠳᠤ ᠵᠢᠭᠠᠵᠤ ᠭᠠᠷᠭᠠᠭᠰᠠᠨ ᠨᠢ᠂ ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠂ ᠠᠷᠠᠳ | ᠤᠯᠠᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠨᠡᠶᠢᠭᠡᠮ ᠤᠨ ᠲᠣᠭᠲᠠᠭᠤᠨ ᠤ ᠶᠡᠭᠡ ᠲᠠᠯ᠎ᠠ ᠳᠤ | ᠬᠤᠯᠪᠣᠭᠳᠠᠨ᠎ᠠ᠃ ᠠᠵᠤ ᠠᠬᠤᠶᠢᠯᠠᠯ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ | ᠬᠤᠯᠪᠤᠭᠳᠠᠯ ᠪᠦᠬᠦᠢ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨ ᠬᠢᠨᠠᠨ ᠬᠠᠮᠢᠶᠠᠷᠬᠤ ᠡᠷᠴᠢᠮ ᠢᠶᠠᠨ | ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢᠶᠠᠨ ᠴᠢᠩᠭ᠎ᠠ ᠪᠣᠳᠠᠲᠠᠢ ᠰᠠᠶᠢᠲᠤᠷ | ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠡᠢ᠃ | ᠼᠦᠢ ᠵᠢᠩ ᠶᠢᠩ ᠭᠠᠨᠳᠠᠷᠢ ᠶᠢᠨ ᠠᠮᠢ ᠠᠬᠤᠶ ᠶᠢᠨ ᠵᠠᠰᠠᠯᠲᠠ ᠶᠢᠨ ᠣᠷᠣᠨ ᠳᠤ ᠣᠶ ᠰᠢᠭᠤᠶ ᠨᠤᠲᠤᠭ | ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠬᠤ | ᠦᠶ᠎ᠡ ᠳᠤ ᠬᠡᠯᠡᠭᠰᠡᠨ ᠨᠢ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠨᠢ ᠠᠮᠢ | ᠠᠬᠤᠶ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ | ᠬᠤᠯᠪᠣᠭᠳᠠᠵᠤ᠂ ᠠᠶᠤᠯ ᠶᠡᠬᠡᠲᠡᠶ ᠣᠷᠣᠨ ᠪᠦᠰᠡ᠂ ᠭᠤᠤᠯᠳᠠᠯᠭ᠎ᠠ ᠲᠠᠢ ᠬᠥᠮᠦᠰ ᠪᠠ ᠵᠠᠩᠭᠢᠯᠠᠭ᠎ᠠ ᠶᠢᠨ ᠴᠢᠭ ᠢ ᠴᠢᠩᠭ᠎ᠠ | ᠠᠩᠬᠠᠷᠴᠤ᠂ ᠲᠣᠭᠤᠷᠢᠨ ᠪᠠᠶᠢᠴᠠᠭᠠᠬᠤ ᠪᠠ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠪᠠᠴᠢᠮ ᠪᠠᠶᠢᠳᠠᠯ ᠢ | ᠠᠷᠭᠠᠴᠠᠭᠠᠬᠤ ᠰᠣᠷᠢᠯᠲᠠ ᠶᠢ ᠰᠠᠶᠢᠲᠤᠷ ᠠᠳᠬᠤᠵᠤ᠂ ᠵᠢᠵᠢᠭᠦᠷᠯᠡᠨ ᠰᠠᠬᠢᠬᠤ ᠶᠢ ᠴᠢᠩᠭ᠎ᠠ ᠠᠳᠬᠤᠵᠤ᠂ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠡᠷᠡᠮ ᠢ ᠦᠨᠡᠨ ᠬᠦ ᠪᠠᠬᠢᠵᠢᠭᠦᠯᠬᠦ ᠬᠡᠷᠡᠭᠲᠡᠶ ᠭᠡᠵᠡᠢ᠃ |