ᠵᠧᠦ ᠶᠢᠨ ᠰᠢᠩ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠪᠠ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/4/10
     4 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠪᠠ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠤᠳᠤᠷᠢᠳᠤᠯᠭ᠎ᠠ ᠯᠢ ᠠᠩ ᠣᠷᠣᠯᠴᠠᠪᠠ᠃

     ᠵᠧᠦ ᠶᠢᠨ ᠰᠢᠩ ᠤᠷᠢᠳ ᠬᠤᠵᠢᠳ ᠤᠳᠠ ᠲᠣᠭᠤᠷᠢᠭ ᠤᠨ ᠯᠢᠶᠠᠩ ᠵᠢᠶᠠ ᠭᠸᠤ ᠵᠡᠭᠡᠯᠢ ᠭᠤᠳᠤᠮᠵᠢ ᠶᠢᠨ

ᠬᠡᠷᠡᠭ ᠡᠷᠬᠢᠯᠡᠬᠦ ᠭᠠᠵᠠᠷ᠂ ᠰᠢᠨ ᠳ᠋ᠡ ᠵᠡᠭᠡᠯᠢ ᠭᠤᠳᠤᠮᠵᠢ ᠶᠢᠨ ᠢ ᠵᠢᠩ ᠵᠢᠶᠠ ᠶᠤᠸᠠᠨ ᠨᠡᠶᠢᠭᠡᠮ ᠲᠣᠭᠤᠷᠢᠭ᠂ ᠦ᠋ ᠬᠤ᠋

ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠠᠶᠠᠨᠰᠠᠶᠢᠨ ᠵᠡᠭᠡᠯᠢ ᠭᠤᠳᠤᠮᠵᠢ ᠶᠢᠨ ᠰᠢᠶᠠᠨ ᠹᠧᠩ ᠨᠡᠶᠢᠭᠡᠮ

ᠲᠣᠭᠤᠷᠢᠭ ᠲᠤ ᠬᠦᠷᠴᠦ᠂ ᠨᠡᠶᠢᠭᠡᠮ ᠤᠨ ᠠᠵᠢᠯᠳᠠᠨ ᠤ ᠳᠡᠭᠡᠳᠦ ᠰᠤᠷᠭᠠᠭᠤᠯᠢ ᠶᠢᠨ ᠠᠵᠢᠯᠯᠠᠭ᠎ᠠ᠂ ᠬᠥᠮᠦᠨ ᠠᠮᠠ ᠶᠢᠨ

ᠨᠠᠷᠢᠯᠢᠬᠵᠢᠭᠤᠯᠤᠭᠰᠠᠨ ᠬᠠᠮᠢᠶᠠᠷᠤᠯᠲᠠ᠂ ︽ᠨᠠᠷᠢᠯᠢᠭ ᠰᠦᠯᠵᠢᠶ᠎ᠡ ᠪᠢᠴᠢᠯ ᠲᠤᠤᠷᠵᠢᠯ︾ ᠤᠨ ᠵᠠᠰᠠᠯᠳᠠ ᠵᠡᠷᠭᠡ ᠪᠠᠶᠢᠳᠠᠯ ᠢ

 ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ

ᠴᠢᠩᠭᠠᠳᠬᠠᠵᠤ᠂ ︽ᠳᠠᠷᠤᠭᠠᠰᠤ ᠶᠢ ᠬᠥᠩᠭᠡᠷᠡᠭᠦᠯᠬᠦ᠂ ᠴᠢᠳᠠᠪᠤᠷᠢ ᠣᠯᠭᠤᠬᠤ᠂ ᠬᠦᠴᠢᠷᠳᠡᠯ ᠢ ᠨᠢ ᠰᠢᠢᠳᠪᠦᠷᠢᠯᠡᠬᠦ᠂

ᠴᠡᠭᠴᠡᠯᠡᠨ ᠰᠠᠶᠢᠵᠢᠷᠠᠭᠤᠯᠬᠤ᠂ ᠬᠢᠨᠠᠨ ᠰᠢᠮᠳᠠᠭᠤᠯᠬᠤ︾ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂

ᠦᠨᠳᠦᠰᠦᠨ ᠱᠠᠲᠤᠨ ᠤ ᠺᠠᠳ᠋ᠷᠴᠤᠳ ᠢ ᠶᠠᠷᠰᠢᠭ ᠲᠦᠪᠡᠭ ᠲᠠᠢ ᠬᠡᠷᠡᠭ ᠶᠠᠪᠤᠳᠠᠯ ᠤᠨ ᠳᠤᠮᠳᠠ ᠠᠴᠠ ᠰᠠᠯᠭᠠᠵᠤ᠂ ᠨᠡᠩ

ᠤᠯᠠᠨ ᠴᠠᠭ ᠪᠠ ᠤᠶᠤᠨ ᠴᠢᠳᠠᠯ ᠢᠶᠠᠨ ᠪᠣᠳᠠᠲᠠᠢ ᠠᠵᠢᠯ ᠬᠢᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ᠂

ᠬᠥᠭᠵᠢᠯᠲᠡ ᠶᠢ ᠠᠬᠢᠭᠤᠯᠬᠤ ᠳᠡᠭᠡᠷ᠎ᠡ ᠲᠠᠯᠪᠢᠭᠤᠯᠬᠤ ᠬᠡᠷᠡᠭᠲᠡᠢ᠃ ᠳ᠋ᠡᠶᠢᠲ᠋ᠠ ᠶᠢᠨ ᠠᠷᠤ ᠳᠤ ᠠᠷᠠᠳ ᠤᠨ ᠠᠮᠢᠳᠤᠷᠠᠯ

ᠪᠤᠢ᠂ ᠳ᠋ᠡᠶᠢᠲ᠋ᠠᠴᠢᠯᠠᠭᠰᠠᠨ ᠮᠡᠷᠭᠡᠵᠢᠯ ᠤᠨ ᠦᠨᠳᠦᠰᠦᠨ ᠱᠠᠲᠤᠨ ᠤ ᠵᠠᠰᠠᠯᠲᠠ ᠳᠠᠬᠢ ᠴᠢᠬᠤᠯᠠ ᠦᠢᠯᠡᠳᠦᠯ ᠢ ᠭᠦᠢᠴᠡᠳ

ᠪᠠᠳᠠᠷᠠᠭᠤᠯᠵᠤ᠂ ᠤᠯᠠᠨ ᠲᠦᠮᠡᠨ ᠳᠤ ᠤᠨᠢᠨ ᠳᠡᠭᠡᠷ᠎ᠡ ᠨᠢ ᠦᠢᠯᠡᠴᠢᠯᠡᠭᠡ ᠬᠠᠩᠭᠠᠵᠤ᠂ ︽ᠳ᠋ᠡᠶᠢᠲ᠋ᠠ ᠶᠢ ᠢᠯᠡᠭᠦᠬᠡᠨ

ᠭᠦᠶᠦᠯᠭᠡᠵᠦ᠂ ᠠᠷᠠᠳ ᠤᠯᠠᠨ ᠢ ᠳᠤᠲᠠᠭᠤ ᠭᠦᠶᠦᠯᠭᠡᠬᠦ︾ ᠬᠡᠷᠡᠭᠲᠡᠢ᠃ ᠨᠡᠶᠢᠭᠡᠮ ᠤᠨ ᠠᠵᠢᠯᠳᠠᠨ ᠤ ᠳᠡᠭᠡᠳᠦ

ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠨᠡᠶᠢᠭᠡᠮ ᠤᠨ ᠠᠵᠢᠯᠳᠠᠨ ᠢ ᠬᠥᠮᠦᠵᠢᠭᠦᠯᠬᠦ

ᠡᠷᠴᠢᠮ ᠢᠶᠠᠨ ᠴᠢᠩᠭᠠᠷᠠᠭᠤᠯᠵᠤ᠂ ᠬᠠᠷᠠᠭᠠᠯᠵᠠᠯ ᠤᠨ ᠪᠠᠲᠤᠯᠠᠭ᠎ᠠ ᠪᠠᠨ ᠴᠢᠩᠭᠠᠳᠬᠠᠵᠤ᠂ ᠨᠡᠩ ᠤᠯᠠᠨ ᠰᠢᠯᠢᠳᠡᠭ

ᠴᠢᠳᠠᠪᠤᠷᠢᠲᠠᠨ ᠢ ᠲᠠᠲᠠᠵᠤ ᠦᠨᠳᠦᠰᠦᠨ ᠱᠠᠲᠤᠨ ᠳᠤ ᠣᠷᠣᠯᠴᠠᠭᠤᠯᠵᠤ᠂ ᠦᠨᠳᠦᠰᠦᠨ ᠱᠠᠲᠤᠨ ᠤ ᠵᠠᠰᠠᠯᠲᠠ ᠳᠤ

ᠰᠢᠨ᠎ᠡ ᠠᠮᠢᠵᠢᠷᠠᠯ ᠤᠨ ᠬᠦᠴᠦᠨ᠂ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ︽ᠨᠡᠭᠦᠳᠡᠯ ᠠᠯᠪᠠᠨ ᠰᠢᠷᠡᠭᠡ︾

ᠵᠡᠷᠭᠡ ᠦᠨᠳᠦᠰᠦᠨ ᠱᠠᠲᠤᠨ ᠤ ᠵᠠᠰᠠᠯᠲᠠ ᠶᠢᠨ ᠵᠠᠭᠪᠤᠷ ᠢ ᠳ᠋ᠦᠩᠨᠡᠨ ᠳᠡᠯᠭᠡᠷᠡᠭᠦᠯᠵᠦ᠂ ᠪᠠᠶᠢᠩᠭᠤᠵᠢᠭᠰᠠᠨ ᠤᠷᠳᠤ

ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠯ᠎ᠡ ᠰᠠᠯᠠᠭ᠎ᠠ

ᠮᠥᠴᠢᠷ ᠤᠨ ᠡᠬᠢ ᠪᠠᠶᠠᠯᠢᠭ ᠤᠨ ᠬᠦᠴᠦᠨ ᠢᠶᠠᠷ ᠪᠦᠲᠦᠮᠵᠢᠲᠡᠢ ᠬᠦᠳᠦᠯᠥᠨ ᠳᠠᠭᠠᠭᠤᠯᠵᠤ᠂ ᠤᠯᠠᠨ ᠲᠦᠮᠡᠨ ᠳᠤ

ᠦᠢᠯᠡᠴᠢᠯᠡᠬᠦ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号