4 ᠰᠠᠷ᠎ᠠ ᠶᠢᠨ 7 ᠤ ᠡᠳᠦᠷ᠂ ᠳᠤᠮᠳᠠᠳᠤ ᠤᠯᠤᠰ ᠤᠨ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ ᠤᠨ ᠰᠢᠨᠵᠢᠯᠡᠬᠦ ᠤᠬᠠᠭᠠᠨ ᠤ ᠮᠡᠳᠡᠭᠦᠯᠦᠯᠲᠡ ᠶᠢᠨ ᠪᠦᠯᠬᠦᠮ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠦᠭᠡᠮᠡᠯᠵᠢᠭᠦᠯᠦᠭᠴᠢ ᠶᠢᠨ ᠶᠠᠷᠢᠶᠠᠨ ᠤ ᠪᠦᠯᠬᠦᠮ ᠤᠨ 4 ᠲᠤᠰᠬᠠᠶ ᠮᠡᠷᠭᠡᠵᠢᠯᠲᠡᠨ ᠮᠠᠨ ᠤ ᠬᠤᠲᠠ ᠳᠤ | ᠢᠷᠡᠵᠦ᠂ ᠪᠥᠬᠦ ᠬᠤᠲᠠ ᠳᠤ 2025 ᠣᠨ ᠤ ᠥᠪᠥᠷ ᠮᠣᠩᠭᠤᠯ ᠤᠨ ᠦᠬᠠᠶ ᠬᠤᠲᠠ ᠶᠢᠨ ︽ᠵᠠᠭᠤᠨ ᠨᠡᠷᠡᠰ | ᠲᠤᠰᠬᠠᠶ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠣᠨ | ᠲᠠᠮᠵᠢᠭᠤᠯᠬᠤ ᠠᠶᠠᠯᠠᠯ︾ ᠤᠨ ᠠᠵᠢᠯᠯᠠᠭ᠎ᠠ ᠶᠢ ᠥᠷᠨᠢᠭᠦᠯᠪᠡ᠃ ᠲᠤᠰ ᠤᠳᠠᠭᠠᠨ ᠤ ᠠᠵᠢᠯᠯᠠᠭ᠎ᠠ ᠨᠢ 4 ᠰᠠᠷ᠎ᠠ ᠶᠢᠨ | 18 ᠤ ᠡᠳᠦᠷ ᠪᠣᠯᠲᠠᠯ᠎ᠠ ᠦᠷᠭᠦᠯᠵᠢᠯᠡᠬᠦ ᠪᠣᠯᠤᠨ᠎ᠠ᠃ | 4 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ ᠤᠨ ᠰᠢᠨᠵᠢᠯᠡᠬᠦ ᠤᠬᠠᠭᠠᠨ ᠤ ᠮᠡᠳᠡᠭᠦᠯᠦᠯᠲᠡ ᠶᠢᠨ ᠪᠦᠯᠬᠦᠮ ᠤᠨ ᠪᠦᠷᠢᠯᠳᠦᠬᠦᠨ ᠴᠠᠢ ᠵᠦᠩ ᠢᠦᠶ ᠦᠬᠠᠢ | ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠲᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠲᠠᠶᠢᠯᠤᠮᠵᠢ ᠥᠷᠨᠢᠭᠦᠯᠵᠦ᠂ ︽ᠵᠣᠬᠢᠶᠠᠮᠠᠯ ᠤᠶᠤᠨ ᠴᠢᠳᠠᠪᠤᠷᠢ ᠪᠠᠷ ᠢᠷᠡᠭᠡᠳᠦᠢ ᠶᠢ ᠲᠠᠬᠢᠨ ᠴᠣᠭᠴᠠᠯᠠᠶ᠎ᠠ︾ ᠬᠡᠬᠦ ᠪᠠᠷ | ᠭᠤᠣᠯ ᠰᠡᠳᠦᠪ ᠪᠣᠯᠭᠠᠵᠤ᠂ ᠰᠤᠷᠤᠭᠴᠢᠳ ᠤᠨ ᠡᠳᠦᠷ ᠳᠤᠳᠤᠮ ᠤᠨ ᠠᠮᠢᠳᠤᠷᠠᠯ ᠤᠨ ᠳᠤᠮᠳᠠᠬᠢ ᠬᠡᠷᠡᠭᠯᠡᠭᠡᠨ ᠤ | ᠪᠠᠶᠢᠳᠠᠯ ᠲᠠᠢ ᠤᠶᠠᠯᠳᠤᠭᠤᠯᠵᠤ᠂ ᠵᠣᠬᠢᠶᠠᠮᠠᠯ ᠤᠶᠤᠨ ᠴᠢᠳᠠᠪᠤᠷᠢ ᠶᠢᠨ ᠰᠠᠭᠤᠷᠢ ᠮᠡᠳᠡᠯᠭᠡ ᠪᠣᠯᠤᠨ ᠳᠠᠪᠠᠭᠤᠯᠢᠭ᠂ | ᠵᠣᠬᠢᠶᠠᠮᠠᠯ ᠤᠶᠤᠨ ᠴᠢᠳᠠᠪᠤᠷᠢ ᠶᠢᠨ ᠪᠠᠭᠠᠵᠢ ᠶᠢᠨ ᠰᠤᠷᠤᠯᠴᠠᠯᠭ᠎ᠠ᠂ ᠠᠮᠢᠳᠤᠷᠠᠯ ᠳᠤᠮᠳᠠᠬᠢ ᠬᠡᠷᠡᠭᠯᠡᠭᠡᠨ ᠤ ᠪᠠᠶᠢᠳᠠᠯ | ᠵᠡᠷᠭᠡ ᠠᠭᠤᠯᠭ᠎ᠠ ᠶᠢ ᠶᠠᠷᠢᠵᠤ᠂ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ ᠬᠥᠭᠵᠢᠭᠡᠪᠡ᠃ ᠬᠠᠷᠢᠯᠴᠠᠨ | ᠬᠥᠳᠡᠯᠦᠯᠴᠡᠬᠦ ᠭᠤᠭᠴᠤᠭ᠎ᠠ ᠳᠤ ᠴᠠᠢ ᠵᠦᠩ ᠢᠦᠢ ᠰᠤᠷᠤᠭᠴᠢᠳ ᠤᠨ ᠠᠰᠠᠭᠤᠯᠲᠠ ᠶᠢ ᠬᠦᠯᠢᠴᠡᠩᠭᠦᠢ ᠪᠠᠷ | ᠬᠠᠷᠢᠭᠤᠯᠵᠤ᠂ ᠲᠡᠳᠡᠨ ᠤ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠶᠢ ᠴᠢᠷᠮᠠᠶᠢᠨ ᠰᠤᠷᠤᠯᠴᠠᠵᠤ᠂ ᠦᠯᠦ ᠮᠡᠳᠡᠬᠦ | ᠬᠦᠷᠢᠶ᠎ᠡ ᠶᠢ ᠵᠣᠷᠢᠭᠲᠠᠢ ᠪᠠᠷ ᠰᠦᠪᠡᠭᠴᠢᠯᠡᠬᠦ ᠶᠢ ᠵᠣᠷᠢᠭᠵᠢᠭᠤᠯᠪᠠ᠃ ︽ᠲᠤᠰᠬᠠᠢ ᠮᠡᠷᠭᠡᠵᠢᠯᠲᠡᠨ ᠤ ᠲᠠᠶᠢᠯᠤᠮᠵᠢ ᠪᠠᠷ | ᠳᠠᠮᠵᠢᠨ᠂ ᠪᠢ ᠵᠣᠬᠢᠶᠠᠮᠠᠯ ᠤᠶᠤᠨ ᠴᠢᠳᠠᠪᠤᠷᠢ ᠶᠢᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠵᠠᠢ᠃ ᠪᠢᠳᠡ | ᠵᠣᠬᠢᠶᠠᠮᠠᠯ ᠣᠶᠤᠨᠴᠢ ᠪᠠᠭᠠᠵᠢ ᠶᠢ ᠠᠰᠢᠭᠯᠠᠨ᠂ ᠡᠩ ᠤᠨ ᠣᠢᠶ᠎ᠠ ᠳᠤ ᠵᠣᠬᠢᠶᠠᠯ ᠪᠢᠴᠢᠬᠦ ᠪᠤᠶᠤ ᠰᠡᠳᠦᠪ ᠲᠠᠶᠢᠯᠬᠤ | ᠵᠡᠷᠭᠡ ᠲᠦᠭᠡᠷᠢᠭᠳᠡᠯ ᠳᠤ ᠤᠴᠠᠷᠠᠬᠤ ᠣᠢᠶ᠎ᠠ ᠳᠤ᠂ ᠪᠠᠭᠰᠢ ᠳᠤ ᠲᠦᠰᠢᠭᠯᠡᠬᠦ ᠶᠢ ᠪᠠᠭᠠᠰᠬᠠᠵᠤ ᠪᠣᠯᠤᠨ᠎ᠠ︾ ᠭᠡᠵᠦ ᠦᠬᠠᠶ | ᠬᠤᠲᠠ ᠶᠢᠨ ᠨᠢᠭᠡᠳᠦᠭᠡᠷ ᠳᠤᠮᠳᠠᠳᠤ ᠰᠣᠷᠭᠠᠭᠤᠯᠢ ᠶᠢᠨ ᠰᠤᠷᠤᠭᠴᠢ ᠸᠧᠨ ᠢᠦᠢ ᠬᠠᠨ ᠬᠡᠯᠡᠪᠡ᠃ | ᠬᠠᠶᠢᠷᠤᠪ ᠤᠨ ᠲᠤᠬᠤᠢ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ ᠳᠤ᠂ ᠳᠤᠮᠳᠠᠳᠤ ᠤᠯᠤᠰ ᠤᠨ | ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠰᠢᠨᠵᠢᠯᠡᠬᠦ ᠤᠬᠠᠭᠠᠨ ᠤ ᠮᠡᠳᠡᠭᠦᠯᠦᠯᠲᠡ ᠶᠢᠨ | ᠪᠦᠯᠬᠦᠮ ᠤᠨ ᠪᠦᠷᠢᠯᠳᠦᠬᠦᠨ ᠰᠦᠨ ᠶᠢᠩ ᠰᠤᠷᠤᠭᠴᠢᠳ ᠲᠤ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ | ᠪᠠᠳᠠᠷᠠᠭᠤᠯᠬᠤ ᠲᠤᠬᠠᠢ ᠲᠠᠶᠢᠯᠤᠮᠵᠢ ᠬᠢᠪᠡ᠃ ᠰᠦᠨ ᠶᠢᠩ ᠠᠮᠢᠳᠤᠯᠢᠭ ᠳᠦᠷᠰᠦᠯᠢᠭ ᠵᠢᠷᠤᠭ ᠪᠣᠯᠤᠨ ᠸᠢᠳᠢᠣ᠋ | ᠮᠠᠲ᠋ᠧᠷᠢᠶᠠᠯ ᠢᠶᠠᠷ ᠳᠠᠮᠵᠢᠭᠤᠯᠤᠨ᠂ ᠰᠤᠷᠤᠭᠴᠢᠳ ᠲᠤ ᠲᠤᠮᠤ ᠤᠯᠤᠰ ᠤᠨ ᠴᠢᠬᠤᠯᠠ ᠵᠡᠪᠰᠡᠭ ᠤᠨ ᠡᠷᠳᠡᠮ ᠤᠨ ᠠᠷᠤ | ᠳᠠᠬᠢ ᠲᠤᠭ᠎ᠠ ᠲᠣᠮᠰᠢ ᠦᠭᠡᠢ ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠰᠢᠷᠭᠠᠭᠤ | ᠬᠠᠲᠠᠭᠤᠵᠢᠯᠲᠠᠢ ᠴᠢᠷᠮᠠᠶᠢᠯᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠵᠤ᠂ ᠠᠬᠠᠮᠠᠳ ᠨᠢᠭᠡ ᠦᠶ᠎ᠡ ᠶᠢᠨ | ᠰᠢᠨᠵᠢᠯᠡᠬᠦ ᠤᠬᠠᠭᠠᠨᠲᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠦᠢᠯᠡᠰ ᠲᠤ ᠣᠷᠣᠯᠴᠠᠭᠰᠠᠨ ᠦᠢᠯᠡ | ᠠᠵᠢᠯᠯᠠᠭ᠎ᠠ ᠶᠢ ᠳᠡᠯᠭᠡᠨ ᠦᠵᠡᠭᠦᠯᠪᠡ᠃ | ᠵᠠᠯᠭᠠᠭᠠᠳ᠂ ᠲᠤᠰᠬᠠᠶ ᠮᠡᠷᠭᠡᠵᠢᠯᠲᠡᠳ ᠦᠬᠠᠶ ᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ᠂ | ᠬᠠᠶᠢᠷᠤᠪ ᠤᠨ ᠲᠣᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ᠂ ᠬᠠᠶᠢᠷᠤᠪ ᠤᠨ ᠲᠣᠬᠤᠢ ᠲᠣᠭᠤᠷᠢᠭ ᠤᠨ | ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠵᠡᠷᠭᠡ ᠭᠠᠵᠠᠷ ᠲᠤ ᠬᠦᠷᠴᠦ᠂ ︽ᠳᠤᠮᠳᠠᠳᠤ ᠶᠢᠨ ᠵᠡᠭᠦᠳᠦ᠂ ᠤᠯᠤᠰ ᠢᠶᠠᠨ | ᠬᠦᠴᠦᠷᠬᠡᠭᠵᠢᠭᠦᠯᠬᠦ ᠵᠡᠭᠦᠳᠦ᠂ ᠮᠢᠨᠦ ᠵᠡᠭᠦᠳᠦ︾ ᠨᠢᠰᠬᠡᠯ ᠤᠨ ᠰᠠᠭᠤᠷᠢ ᠣᠩᠭᠤᠴᠠ ᠶᠢᠨ ᠨᠢᠭᠤᠴᠠ︾ ︽ᠵᠠᠭᠤᠨ ᠵᠢᠯ ᠤᠨ | ᠶᠡᠭᠡ ᠬᠤᠪᠢᠰᠤᠯᠲᠠ ᠶᠢᠨ ᠤᠯᠤᠰ ᠤᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ︾ ᠵᠡᠷᠭᠡ ᠪᠠᠷ | ᠭᠤᠤᠯ ᠰᠡᠳᠦᠪ ᠪᠣᠯᠭᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠢᠯᠢᠳᠡᠭ ᠲᠠᠶᠢᠯᠤᠮᠵᠢ ᠬᠢᠵᠦ᠂ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠰᠢᠯᠢᠳᠡᠭ ᠦᠢᠯᠡᠴᠢᠯᠡᠭᠡ ᠪᠠᠷ ᠨᠠᠩ ᠣᠯᠠᠨ ᠣᠯᠠᠨ ᠲᠦᠮᠡᠨ ᠳᠤ ᠠᠰᠢᠭ ᠬᠦᠷᠲᠡᠭᠡᠬᠦ | ᠪᠤᠯᠤᠨ᠎ᠠ᠃ |