4 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ | ᠵᠧᠦ ᠶᠢᠨ ᠰᠢᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠬᠤᠲᠠ ᠶᠢᠨ ᠨᠠᠮ ᠤᠨ ᠬᠤᠷᠢᠶᠠᠨ ᠤ ᠨᠠᠷᠢᠨ | ᠪᠢᠴᠢᠭ ᠤᠨ ᠳᠠᠷᠤᠭ᠎ᠠ ᠯᠢ ᠴᠦᠨ ᠰᠢᠶᠤᠤ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠬᠤᠯᠪᠤᠭᠳᠠᠯ ᠪᠥᠬᠦᠶ ᠤᠳᠤᠷᠢᠳᠤᠯᠭ᠎ᠠ ᠮᠣᠳᠣ ᠵᠠᠶᠢᠯᠠᠬᠤ ᠭᠠᠵᠠᠷ ᠲᠤ ᠬᠦᠷᠴᠦ᠂ | ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠺᠠᠳ᠋ᠷ ᠠᠵᠢᠯᠲᠠᠨ᠂ ᠦᠬᠠᠶ ᠶᠢᠨ ᠴᠡᠷᠢᠭ ᠤᠨ ᠬᠤᠪᠢᠶᠠᠷᠢ | ᠲᠣᠭᠤᠷᠢᠭ ᠤᠨ ᠳᠠᠷᠤᠭ᠎ᠠ ᠪᠠᠶᠢᠯᠳᠤᠭᠴᠢᠳ ᠲᠠᠢ ᠬᠠᠮᠲᠤ ᠠᠯᠪᠠᠨ ᠵᠢᠷᠤᠮ ᠤᠨ ᠮᠣᠳᠣ ᠵᠠᠶᠢᠯᠠᠬᠤ ᠠᠵᠢᠯᠯᠠᠭ᠎ᠠ ᠳᠤ | ᠣᠷᠣᠯᠴᠠᠵᠤ᠂ ᠦᠵᠡᠰᠬᠦᠯᠡᠩᠲᠦ ᠰᠠᠶᠢᠬᠠᠨ ᠦᠬᠠᠶ ᠶᠢᠨ ᠪᠦᠲᠦᠭᠡᠨ ᠪᠠᠶᠢᠭᠤᠯᠤᠯᠳᠠ ᠳᠤ ᠬᠠᠮᠲᠤ ᠪᠠᠷ ᠰᠢᠨ᠎ᠡ | ᠨᠣᠭᠤᠭᠠᠨ ᠥᠩᠭᠡ ᠨᠡᠮᠡᠷᠢᠯᠡᠪᠡ᠃ | ᠮᠣᠳᠣ ᠵᠠᠶᠢᠯᠠᠬᠤ ᠭᠠᠵᠠᠷ ᠲᠤ ᠬᠦᠷᠦᠮᠡᠭᠴᠡ᠂ ᠤᠯᠠᠨ ᠢᠶᠠᠷ ᠢᠶᠠᠨ ᠦᠳᠲᠡᠷ ᠲᠦᠷᠭᠡᠨ ᠮᠣᠳᠣ ᠵᠠᠶᠢᠯᠠᠬᠤ | ᠠᠵᠢᠯᠯᠠᠭ᠎ᠠ ᠳᠤ ᠣᠷᠣᠯᠴᠠᠵᠤ᠂ ᠮᠣᠳᠣ ᠲᠡᠭᠰᠢᠯᠡᠵᠦ᠂ ᠬᠦᠷᠵᠡ ᠬᠤᠷᠦ᠋ᠢᠯᠠᠨ ᠰᠢᠷᠣᠢ ᠮᠠᠯᠲᠠᠵᠤ᠂ ᠬᠠᠰᠢᠯᠭ᠎ᠠ | ᠬᠦᠷᠢᠶᠡᠯᠡᠵᠦ᠂ ᠰᠠᠭᠤᠯᠠᠭ᠎ᠠ ᠰᠠᠭᠤᠯᠠᠭ᠎ᠠ ᠪᠠᠷ ᠣᠰᠣ ᠲᠠᠮᠨᠠᠵᠤ᠂ ᠠᠵᠢᠯ ᠬᠤᠪᠢᠶᠠᠷᠢᠯᠠᠨ ᠬᠠᠮᠵᠢᠯᠴᠠᠵᠤ᠂ ᠬᠠᠪᠲᠠᠭᠠᠢ | ᠠᠷᠴᠠ᠂ ᠴᠠᠭᠠᠠᠠ ᠪᠢᠯᠤ ᠮᠣᠳᠤ ᠥᠷᠭᠡᠰᠦᠲᠦ ᠬᠤᠩᠭᠤᠷᠴᠠᠭ᠂ ᠵᠢᠭᠠᠷᠲᠤ ᠨᠠᠷᠠᠰᠤ ᠵᠡᠷᠭᠡ ᠡᠯ᠎ᠡ ᠲᠦᠷᠦᠯ ᠤᠨ ᠵᠤᠯᠵᠠᠭ᠎ᠠ | ᠮᠣᠳᠣ ᠶᠢ ᠨᠡᠶᠢᠳᠡ 3100 ᠭᠠᠷᠤᠢ ᠰᠠᠭᠤᠷᠢ ᠵᠠᠶᠢᠯᠠᠪᠠ᠃ | ᠮᠣᠳᠣ ᠲᠠᠷᠢᠬᠤ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠵᠧᠦ ᠶᠢᠨ ᠰᠢᠩ ᠬᠠᠶᠢᠷᠤᠪ ᠤᠨ ᠲᠤᠬᠤᠢ | ᠲᠣᠭᠤᠷᠢᠭ ᠤᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠦᠷᠦᠯ ᠵᠦᠢᠯ ᠤᠨ | ᠲᠤᠬᠠᠢ ᠶᠢᠨ ᠲᠠᠯᠠᠪᠠᠢ ᠳᠤ ᠬᠦᠷᠴᠦ᠂ ᠬᠠᠷᠮᠠᠭ᠂ ᠰᠠᠷᠮᠢ ᠵᠡᠷᠭᠡ ᠤᠷᠭᠤᠮᠠᠯ ᠤᠨ ᠤᠷᠭᠤᠯᠲᠠ ᠶᠢᠨ ᠣᠨᠴᠠᠯᠢᠭ᠂ ᠤᠰᠤᠨ ᠤ | ᠬᠤᠷᠣᠭᠳᠠᠯ᠂ ᠡᠯᠡᠰᠦ ᠶᠢ ᠲᠣᠭᠲᠠᠪᠤᠷᠢᠵᠢᠭᠤᠯᠤᠭᠰᠠᠨ ᠦᠷ᠎ᠡ ᠪᠦᠲᠦᠮᠵᠢ ᠵᠢᠴᠢ ᠡᠳᠦᠷ ᠳᠤᠳᠤᠮ ᠤᠨ ᠬᠠᠮᠢᠶᠠᠷᠤᠯᠲᠠ | ᠬᠠᠮᠠᠭᠠᠯᠠᠯᠲᠠ ᠪᠣᠯᠤᠨ ᠵᠠᠰᠠᠯᠲᠠ ᠶᠢᠨ ᠠᠬᠢᠴᠠ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠵᠤ᠂ ᠵᠣᠬᠢᠴᠠᠬᠤ | ᠴᠢᠨᠠᠷ ᠢᠶᠠᠷ ᠴᠢᠩᠭ᠎ᠠ᠂ ᠣᠰᠣ ᠬᠡᠷᠡᠭᠰᠡᠬᠦ ᠬᠡᠮᠵᠢᠶ᠎ᠡ ᠪᠠᠷ ᠪᠠᠭ᠎ᠠ ᠲᠣᠰ ᠭᠠᠵᠠᠷ ᠤᠨ ᠣᠶ ᠰᠢᠭᠤᠶ ᠡᠪᠡᠰᠦ ᠪᠡᠯᠴᠢᠭᠡᠷ ᠤᠨ | ᠤᠷᠭᠤᠮᠠᠯ ᠢ ᠰᠣᠩᠭᠤᠨ ᠬᠡᠷᠡᠭᠯᠡᠵᠦ᠂ ᠤᠷᠭᠤᠮᠠᠯ ᠤᠨ ᠬᠤᠴᠢᠯᠭ᠎ᠠ ᠶᠢᠨ ᠲᠥᠷᠥᠯ ᠬᠡᠯᠪᠡᠷᠢ ᠪᠠ ᠨᠢᠭᠲᠠᠴᠠ ᠶᠢ ᠵᠦᠶ | ᠵᠣᠬᠢᠰᠲᠠᠶ ᠳᠣᠭᠢᠷᠠᠭᠤᠯᠤᠨ᠂ ᠵᠠᠰᠠᠯᠲᠠ ᠶᠢᠨ ᠥᠪᠡᠷ ᠤᠨ ᠥᠷᠲᠡᠭ ᠢᠶᠠᠨ ᠪᠠᠭᠤᠷᠠᠭᠤᠯᠵᠤ᠂ ᠵᠢᠱᠢᠶ᠎ᠡ ᠦᠵᠡᠭᠦᠯᠬᠦ ᠦᠷ᠎ᠡ | ᠪᠦᠲᠦᠮᠵᠢ ᠶᠢ ᠪᠣᠶ ᠪᠣᠯᠭᠠᠵᠤ᠂ ᠨᠢᠭᠡ ᠬᠡᠰᠡᠭ ᠢ ᠵᠠᠰᠠᠪᠠᠯ ᠨᠢᠭᠡ ᠬᠡᠰᠡᠭ ᠨᠢ ᠪᠦᠲᠦᠮᠵᠢᠳᠡᠢ ᠪᠤᠯᠬᠤ ᠶᠢ ᠦᠨᠡᠨ ᠬᠦ | ᠪᠠᠲᠤᠯᠠᠵᠤ᠂ ᠡᠯᠡᠰᠦ ᠰᠡᠷᠭᠡᠶᠢᠯᠡᠵᠤ ᠡᠯᠡᠰᠦ ᠶᠢ ᠵᠠᠰᠠᠬᠤ ᠶᠢᠨ ᠠᠵᠤ ᠠᠬᠤᠶ ᠶᠢᠨ ᠴᠢᠨᠠᠷ᠂ ᠦᠷᠭᠦᠯᠵᠢᠯᠡᠬᠦ ᠴᠢᠨᠠᠷ ᠢ | ᠳᠡᠭᠡᠭᠰᠢᠯᠡᠭᠦᠯᠬᠦ ᠬᠡᠷᠡᠭᠲᠡᠶ ᠭᠡᠵᠡᠶ᠃ | ᠦᠬᠠᠶ ᠬᠤᠲᠠ ᠶᠢᠨ ᠬᠤᠪᠣᠷ ᠴᠤᠬᠠᠭ ᠤᠷᠭᠤᠮᠠᠯ ᠢ ᠬᠠᠮᠠᠭᠠᠯᠠᠵᠤ ᠦᠷᠡᠵᠢᠭᠦᠯᠦᠨ ᠪᠤᠶᠢᠵᠢᠭᠤᠯᠬᠤ ᠰᠠᠭᠤᠷᠢᠨ | ᠭᠠᠵᠠᠷ ᠲᠤ᠂ ᠵᠧᠦ ᠶᠢᠨ ᠰᠢᠩ ᠦᠷ᠎ᠡ ᠴᠢᠬᠢ ᠶᠢ ᠨᠥᠭᠡᠴᠡᠯᠡᠬᠦ᠂ ᠬᠤᠪᠣᠷ ᠴᠤᠬᠠᠭ ᠤᠷᠭᠤᠮᠠᠯ ᠢ ᠦᠷᠡᠵᠢᠭᠦᠯᠦᠨ | ᠪᠤᠶᠢᠵᠢᠭᠤᠯᠬᠤ᠂ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ | ᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠮᠠᠨ ᠤ ᠬᠤᠲᠠ ᠶᠢᠨ ᠠᠭᠤᠷ ᠠᠮᠢᠰᠬᠤᠯ ᠤᠨ ᠣᠷᠴᠢᠨ ᠲᠣᠭᠤᠷᠢᠨ | ᠪᠠ ᠬᠥᠷᠥᠰᠥ ᠰᠢᠷᠣᠶ ᠶᠢᠨ ᠨᠥᠬᠦᠴᠡᠯ ᠳᠤ ᠰᠠᠭᠤᠷᠢᠯᠠᠨ᠂ ᠲᠤᠷᠰᠢᠯᠲᠠ ᠶᠢᠨ ᠴᠢᠬᠢ ᠮᠣᠳᠣᠨ ᠤ ᠲᠥᠷᠥᠯ ᠵᠦᠢᠯ ᠢ | ᠨᠠᠷᠢᠯᠢᠭ ᠣᠨᠣᠴᠠᠲᠠᠶ ᠪᠠᠷ ᠰᠣᠩᠭᠤᠨ ᠪᠤᠶᠢᠵᠢᠭᠤᠯᠵᠤ᠂ ᠡᠳᠡᠭᠡᠷᠡᠯᠲᠡ ᠶᠢᠨ ᠨᠣᠷᠮ᠎ᠠ ᠪᠠ ᠬᠠᠳᠠᠭᠠᠯᠠᠯᠲᠠ ᠶᠢᠨ ᠨᠣᠷᠮ᠎ᠠ | ᠪᠠᠨ ᠳᠡᠭᠡᠭᠰᠢᠯᠡᠭᠦᠯᠬᠦ ᠬᠡᠷᠡᠭᠲᠡᠶ᠃ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢ ᠰᠠᠶᠢᠲᠤᠷ ᠪᠠᠶᠢᠭᠤᠯᠤᠨ | ᠰᠠᠶᠢᠲᠤᠷ ᠬᠡᠷᠡᠭᠯᠡᠵᠦ᠂ ᠲᠣᠰ ᠭᠠᠵᠠᠷ ᠤᠨ ᠤᠷᠭᠤᠮᠠᠯ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ᠴᠡᠴᠡᠷᠯᠢᠭ ᠤᠨ | ᠨᠣᠭᠤᠭᠠᠷᠠᠭᠤᠯᠤᠯᠲᠠ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠳᠤᠮᠳᠠ ᠲᠠᠷᠢᠵᠦ ᠣᠷᠭᠤᠭᠤᠯᠬᠤ ᠶᠢ ᠬᠠᠶᠢᠨ | ᠰᠦᠪᠡᠭᠴᠢᠯᠡᠵᠦ᠂ ᠠᠮᠢ ᠠᠬᠤᠶ᠂ ᠠᠵᠤ ᠠᠬᠤᠶ᠂ ᠨᠡᠶᠢᠭᠡᠮ ᠤᠨ ᠦᠷ᠎ᠡ ᠠᠰᠢᠭ ᠢ ᠬᠠᠮᠲᠤ ᠪᠠᠷ ᠭᠥᠷᠳᠡᠬᠦ ᠶᠢ ᠪᠡᠶᠡᠯᠡᠭᠦᠯᠬᠦ | ᠬᠡᠷᠡᠭᠲᠡᠶ ᠭᠡᠵᠡᠢ᠃ |