4 ᠰᠠᠷ᠎ᠠ ᠶᠢᠨ 10 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ᠂ ᠬᠤᠳᠠ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠪᠦᠯᠬᠦᠮ ᠳᠠᠭᠠᠭᠤᠯᠤᠨ ᠤᠷᠳᠤᠰ | ᠬᠤᠳᠠ ᠳᠤ ᠬᠦᠷᠴᠦ ᠵᠣᠯᠭᠠᠭᠤᠯᠤᠨ ᠰᠢᠨᠵᠢᠯᠡᠨ ᠪᠠᠶᠢᠴᠠᠭᠠᠵᠤ᠂ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠶᠠᠷ | ᠭᠠᠵᠠᠷ ᠤᠨ ᠬᠢᠨ ︽ᠣᠷᠳᠣᠰ ᠬᠤᠲᠠ᠂ ᠦᠬᠠᠶ ᠬᠤᠲᠠ ᠶᠢᠨ ᠣᠷᠣᠨ ᠪᠦᠰᠡ ᠶᠢᠨ ᠬᠠᠮᠵᠢᠯᠴᠠᠭᠠᠨ ᠤ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠤ ᠭᠠᠷ ᠤᠨ ᠦᠰᠦᠭ ᠵᠢᠷᠤᠪᠠ᠃ | ᠤᠷᠳᠤᠰ ᠬᠤᠳᠠ ᠶᠢᠨ ᠨᠠᠮ ᠤᠨ ᠬᠤᠷᠢᠶᠡᠨ ᠤ ᠱᠦᠵᠢ ᠯᠢ ᠯᠢ᠂ ᠬᠤᠳᠠ ᠶᠢᠨ ᠨᠠᠮ ᠤᠨ ᠬᠤᠷᠢᠶᠡᠨ ᠤ ᠲᠡᠳ᠋ ᠱᠦᠵᠢ᠂ | ᠬᠤᠳᠠ ᠶᠢᠨ ᠲᠠᠷᠤᠭ᠎ᠠ ᠢᠤᠢ ᠬᠠᠢ ᠢᠤᠢ ᠬᠤᠯᠪᠤᠬᠳᠡᠯ ᠪᠦᠭᠦᠢ ᠠᠵᠢᠯᠯᠠᠭ᠎ᠠ ᠳᠤ ᠤᠷᠤᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠵᠧᠦ ᠶᠢᠨ ᠰᠢᠩ ᠬᠡᠯᠡᠭᠰᠡᠨ ᠨᠢ᠂ ᠡᠨᠡ ᠤᠳᠠᠭ᠎ᠠ ᠤᠷᠳᠤᠰ ᠲᠤ ᠢᠷᠡᠵᠦ | ᠵᠣᠯᠭᠠᠭᠤᠯᠤᠨ ᠰᠢᠨᠵᠢᠯᠡᠨ ᠪᠠᠶᠢᠴᠠᠭᠠᠭᠰᠠᠨ ᠨᠢ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠵᠤ᠂ ᠬᠠᠮᠲᠤᠷᠠᠯᠴᠠᠭᠠᠨ ᠤ | ᠵᠦᠢᠯᠡᠰ ᠢ ᠵᠥᠪᠳᠡᠯᠴᠡᠵᠦ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠶᠢᠨ ᠲᠥᠯᠥᠭᠡ ᠶᠤᠮ᠃ | ᠣᠳᠣᠬᠠᠨ ᠳᠤ᠂ ᠦᠬᠠᠢ ᠶᠠᠭ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ | ᠶᠣᠰᠣᠭᠠᠷ᠂ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ | ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠭ᠎ᠠ ᠮᠥᠷᠲᠡᠭᠡᠨ ᠨᠠᠷᠢᠯᠢᠭ᠂ ᠪᠠᠭ᠎ᠠ ᠮᠥᠷᠲᠡᠭᠡᠨ ᠰᠢᠯᠢᠳᠡᠭ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠪᠠᠭ᠎ᠠ ᠮᠥᠷᠲᠡᠭᠡᠨ ᠭᠤᠶᠤ᠂ ᠪᠠᠭ᠎ᠠ | ᠮᠥᠷᠲᠡᠭᠡᠨ ᠰᠢᠯᠢᠳᠡᠭ ᠰᠣᠳᠣᠨ ᠬᠤᠳᠠ ᠶᠢ ᠴᠣᠭᠴᠠᠯᠠᠵᠤ ᠪᠠᠶᠢᠨ᠎ᠠ᠃ ᠤᠷᠳᠤᠰ ᠬᠤᠳᠠ ᠳᠤ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠣᠨᠳᠣᠣᠰᠢᠭᠤᠯᠬᠤ᠂ ᠠᠮᠢ ᠠᠬᠤᠢ ᠣᠷᠴᠢᠨ ᠲᠣᠭᠤᠷᠢᠨ ᠢ ᠵᠠᠰᠠᠬᠤ᠂ ᠬᠤᠳᠠ ᠶᠢᠨ ᠲᠥᠯᠥᠪᠵᠢᠭᠦᠯᠭᠡ ᠪᠦᠳᠦᠭᠡᠨ | ᠪᠠᠶᠢᠭᠤᠯᠤᠯᠲᠠ ᠵᠡᠷᠭᠡ ᠲᠠᠯ᠎ᠠ ᠪᠠᠷ ᠮᠠᠰᠢ ᠤᠯᠠᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠲᠠᠢ ᠪᠠᠶᠢᠵᠤ᠂ ᠦᠬᠠᠢ | ᠬᠤᠳᠠ ᠶᠢᠨ ᠬᠢᠨ ᠰᠤᠷᠤᠯᠴᠠᠭᠤᠰᠢᠲᠠᠢ ᠲᠣᠯᠢᠯᠠᠭᠤᠰᠢᠲᠠᠢ ᠶᠤᠮ᠃ ᠬᠤᠶᠠᠷ ᠲᠠᠯ᠎ᠠ ᠪᠠᠷ ᠢᠶᠠᠨ ᠲᠤᠰ ᠣᠳᠠᠭᠠᠨ ᠤ | ᠵᠥᠪᠯᠡᠯᠴᠡᠭᠡᠷ ᠲᠣᠭᠲᠠᠬᠤ ᠪᠠᠷ ᠠᠵᠠ ᠲᠣᠬᠢᠶᠠᠯ ᠪᠣᠯᠭᠠᠵᠤ᠂ ᠤᠯᠤᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ | ᠬᠤᠯᠪᠣᠭᠳᠠᠯ ᠪᠦᠬᠦᠢ ᠬᠠᠮᠲᠤᠷᠠᠯᠴᠠᠭᠠᠨ ᠤ ᠵᠦᠢᠯᠡᠰ ᠢ ᠲᠦᠷᠭᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠠᠬᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠤᠯᠪᠣᠭᠠᠯᠠᠨ ᠬᠥᠭᠵᠢᠬᠦ ᠶᠢ | ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃ | ᠯᠢ ᠯᠢ ᠤᠷᠳᠤᠰ ᠬᠤᠳᠠ ᠶᠢᠨ ᠨᠠᠮ ᠤᠨ ᠬᠤᠷᠢᠶ᠎ᠠ ᠪᠠ ᠬᠤᠳᠠ ᠶᠢᠨ ᠵᠠᠰᠠᠭ ᠤᠨ ᠣᠷᠳᠣᠨ ᠤ ᠡᠮᠦᠨ᠎ᠡ ᠠᠴᠠ | ᠦᠬᠠᠢ ᠬᠤᠳᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠨ ᠬᠦᠷᠴᠦ ᠢᠷᠡᠭᠰᠡᠨ ᠢ ᠪᠠᠶᠠᠷᠯᠠᠨ | ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠣᠷᠳᠣᠰ ᠪᠣᠯᠤᠨ ᠦᠬᠠᠶ ᠬᠤᠶᠠᠷ ᠭᠠᠵᠠᠷ ᠬᠥᠷᠰᠢᠯᠡᠵᠦ᠂ | ᠡᠬᠢ ᠪᠠᠶᠠᠯᠢᠭ ᠨᠢ ᠣᠶᠢᠷᠠᠯᠴᠠᠭ᠎ᠠ᠂ ᠰᠣᠶᠣᠯ ᠢᠷᠭᠡᠨᠰᠢᠯ ᠨᠢ ᠳᠣᠲᠣᠨᠣ ᠪᠠᠶᠢᠵᠤ᠂ ᠠᠵᠤ ᠦᠢᠯᠡᠰ ᠤᠨ ᠬᠤᠯᠪᠣᠭᠳᠠᠬᠤ | ᠬᠡᠮᠵᠢᠶ᠎ᠡ ᠥᠨᠳᠥᠷ᠂ ᠬᠠᠷᠢᠯᠴᠠᠨ ᠨᠥᠬᠦᠪᠥᠷᠢᠯᠡᠬᠦ ᠴᠢᠨᠠᠷ ᠢᠶᠠᠷ ᠴᠢᠩᠭ᠎ᠠ ᠶᠤᠮ᠃ ᠬᠤᠶᠠᠷ ᠭᠠᠵᠠᠷ ᠤᠨ ᠬᠢᠨ ᠥᠪᠡᠷᠲᠡᠭᠡᠨ | ᠵᠠᠰᠠᠬᠤ ᠣᠷᠣᠨ ᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠤᠯᠤᠯᠴᠠᠭ᠎ᠠ ᠰᠣᠯᠢᠯᠴᠠᠭ᠎ᠠ ᠪᠠᠨ ᠤᠯᠠᠮ ᠴᠢᠨᠠᠭᠰᠢᠳᠠ | ᠴᠢᠩᠭᠠᠳᠬᠠᠵᠤ᠂ ᠬᠠᠮᠲᠤᠷᠠᠯᠴᠠᠭᠠᠨ ᠤ ᠲᠣᠭᠲᠠᠴᠠ ᠪᠠᠨ ᠲᠡᠭᠦᠯᠳᠡᠷᠵᠢᠭᠦᠯᠵᠦ᠂ ᠬᠠᠮᠲᠤᠷᠠᠯᠴᠠᠭᠠᠨ ᠤ ᠬᠦᠷᠢᠶ᠎ᠡ ᠪᠠᠨ | ᠥᠷᠭᠡᠳᠬᠡᠵᠦ᠂ ᠵᠥᠪᠯᠡᠯᠴᠡᠭᠡᠷ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠤ ᠦᠢᠯᠡᠰ ᠤᠨ | ᠬᠥᠭᠵᠢᠯᠲᠡ ᠶᠢᠨ ᠬᠠᠷᠢᠯᠴᠠᠨ ᠠᠬᠢᠭᠤᠯᠵᠤ ᠬᠠᠷᠢᠯᠴᠠᠨ ᠤᠷᠤᠭᠰᠢᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ | ᠬᠥᠮᠦᠰ ᠤᠨ ᠶᠠᠪᠤᠯᠴᠠᠭ᠎ᠠ ᠶᠢ ᠬᠤᠳᠠ ᠲᠠᠢ ᠨᠢᠭᠡᠳᠬᠡᠬᠦ ᠶᠢ ᠠᠬᠢᠭᠤᠯᠵᠤ᠂ ᠪᠦᠬᠦ ᠭᠠᠵᠠᠷ ᠤᠨ ᠣᠷᠣᠨ ᠪᠦᠰᠡ ᠶᠢᠨ | ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠠᠵᠢᠯ ᠢ ᠰᠠᠶᠢᠲᠤᠷ ᠬᠢᠵᠦ᠂ ᠬᠤᠶᠠᠷ ᠶᠡᠭᠡ ᠶᠠᠪᠤᠳᠠᠯ ᠢ ᠰᠠᠶᠢᠲᠤᠷ | ᠪᠡᠶᠡᠯᠡᠬᠦᠯᠬᠦ ᠳᠤ ᠣᠷᠣᠨ ᠪᠦᠰᠡ ᠶᠢᠨ ᠬᠤᠪᠢ ᠨᠡᠮᠡᠷᠢ ᠪᠠᠨ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃ | ᠼᠦᠢ ᠵᠢᠩ ᠶᠢᠩ ᠪᠣᠯᠤᠨ ᠢᠦᠢ ᠬᠠᠢ ᠢᠦᠢ ᠲᠤᠰ ᠲᠤᠰ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠠᠶᠢᠳᠠᠯ ᠪᠣᠯᠤᠨ ᠣᠷᠣᠨ ᠪᠦᠰᠡ ᠶᠢᠨ ᠬᠠᠮᠲᠤᠷᠠᠯᠴᠠᠭᠠᠨ ᠤ ᠵᠦᠢᠯᠡᠰ ᠢᠶᠠᠨ ᠲᠠᠨᠢᠯᠴᠠᠭᠤᠯᠪᠠ᠃ | ᠬᠤᠶᠠᠷ ᠭᠠᠵᠠᠷ ᠤᠨ ᠬᠢᠨ ᠠᠵᠤ ᠦᠢᠯᠡᠰ ᠤᠨ ᠬᠥᠭᠵᠢᠯᠲᠡ ᠶᠢ ᠠᠭᠤᠰᠤᠯᠴᠠᠭᠤᠯᠤᠨ ᠬᠠᠷᠢᠯᠴᠠᠨ ᠠᠬᠢᠭᠤᠯᠬᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠡᠷᠭᠡ ᠪᠠᠷ ᠤᠷᠤᠭᠰᠢᠯᠠᠭᠤᠯᠬᠤ᠂ ᠰᠠᠭᠤᠷᠢ | ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠠᠮᠢ ᠠᠬᠤᠢ ᠣᠷᠴᠢᠨ ᠲᠣᠭᠤᠷᠢᠨ ᠢ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ | ᠵᠠᠭᠤᠴᠢᠯᠠᠭᠤᠷ ᠤᠨ ᠤᠬᠠᠭᠤᠯᠭ᠎ᠠ ᠶᠢ ᠵᠡᠷᠭᠡᠪᠡᠷ ᠠᠬᠢᠭᠤᠯᠬᠤ 6 ᠲᠠᠯ᠎ᠠ ᠶᠢᠨ ᠲᠣᠭᠤᠷᠢᠨ ᠳᠤ ᠬᠠᠮᠲᠤᠷᠠᠯᠴᠠᠭᠠᠨ ᠤ | ᠨᠠᠷᠢᠨ ᠲᠠᠩᠰᠠ ᠶᠢ ᠪᠦᠷᠢᠯᠳᠦᠭᠦᠯᠪᠡ᠃ | ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠮᠠᠨ ᠤ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ | ᠪᠦᠯᠬᠦᠮ ᠤᠷᠢᠳ ᠬᠤᠵᠢᠳ ᠶᠤᠸᠠᠨ ᠵᠢᠩ ᠣᠷᠳᠣᠰ ᠤᠨ ᠣᠲᠣ ᠦᠶ᠎ᠡ ᠶᠢᠨ ᠡᠨᠧᠷᠭᠢ ᠶᠢᠨ ᠲᠣᠨᠣᠭᠯᠠᠯ ᠤᠨ ᠠᠵᠤ | ᠦᠢᠯᠡᠰ ᠤᠨ ᠬᠦᠷᠢᠶᠡᠯᠡᠩ᠂ ᠯᠦᠩ ᠵᠢᠶ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠤᠨ ᠲᠣᠭᠤᠷᠢᠭ᠂ | ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ᠂ ᠺᠠᠷᠯ ᠬᠥᠳᠡᠯᠭᠡᠬᠦ | ᠬᠦᠴᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠵᠡᠷᠭᠡ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠵᠤ᠂ | ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠵᠢᠴᠢ ᠬᠡᠷᠡᠯ ᠴᠡᠨᠡᠭ ᠤᠨ ᠪᠥᠬᠦ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ | ᠬᠤᠪᠢᠷᠠᠭᠤᠯᠤᠨ ᠬᠡᠷᠡᠭᠯᠡᠭᠰᠡᠨ᠂ ᠤᠶᠤᠨᠲᠤ ᠠᠭᠤᠷᠬᠠᠶ ᠶᠢᠨ ᠠᠴᠢᠶᠠᠨ ᠤ ᠮᠠᠰᠢᠨ ᠤ ᠠᠵᠢᠯᠯᠠᠭᠠᠨ ᠵᠢᠴᠢ ᠣᠶᠤᠨᠴᠢ | ᠪᠠᠷᠠᠭᠠᠨ ᠤ ᠭᠦᠢᠯᠭᠡᠭᠡᠨ ᠤ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ | ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠯᠢ ᠳ᠋ᠦᠩ ᠶᠠᠷᠢᠯᠴᠠᠬᠤ ᠬᠤᠷᠠᠯ ᠪᠠ ᠠᠵᠢᠯᠯᠠᠭ᠎ᠠ ᠳᠤ | ᠣᠷᠣᠯᠴᠠᠪᠠ᠃ ᠤᠷᠳᠤᠰ ᠬᠤᠳᠠ ᠶᠢᠨ ᠤᠳᠤᠷᠢᠳᠤᠯᠭ᠎ᠠ ᠯᠢᠤ ᠹᠧᠩ ᠶᠦᠨ᠂ ᠡᠷᠳᠡᠨᠢᠪᠢᠯᠢᠭ ᠲᠤᠰ ᠲᠤᠰ ᠶᠠᠷᠢᠯᠴᠠᠬᠤ | ᠬᠤᠷᠠᠯ ᠪᠤᠶᠤ ᠬᠤᠯᠪᠤᠬᠳᠠᠯ ᠪᠦᠬᠦᠢ ᠠᠵᠢᠯᠯᠠᠭ᠎ᠠ ᠳᠤ ᠤᠷᠤᠯᠴᠠᠪᠠ᠃ |