ᠪᠥᠬᠦ ᠬᠤᠲᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠬᠤᠷᠠᠯᠳᠤᠪᠠ  ᠵᠧᠤ ᠶᠢᠨ ᠰᠢᠩ ᠶᠠᠷᠢᠶ᠎ᠠ ᠲᠠᠯᠪᠢᠵᠤ  ᠼᠦᠢ ᠵᠢᠩ ᠶᠢᠩ ᠬᠤᠷᠠᠯ ᠡᠷᠭᠢᠯᠡᠵᠤ  ᠹᠧᠩ ᠰᠢᠤᠸᠠᠢ ᠲᠤᠤ  ᠯᠢ ᠴᠦᠨ ᠰᠢᠶᠤᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/4/14
     4 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠪᠦᠬᠦ ᠬᠤᠲᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠡᠷᠭᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠬᠤᠲᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ ᠬᠤᠷᠠᠯ ᠳᠤ ᠣᠷᠣᠯᠴᠠᠪᠡ᠃      ᠵᠧᠦ ᠶᠢᠨ ᠰᠢᠩ ᠬᠡᠯᠡᠭᠰᠡᠨ ᠨᠢ᠂ ᠰᠤᠷᠭᠠᠨ ᠬᠥᠮᠦᠵᠢᠯ ᠢ ᠨᠡᠩ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠡᠬᠢ ᠪᠠᠶᠠᠯᠢᠭ ᠤᠨ ᠲᠤᠬᠢᠷᠠᠭᠤᠯᠤᠯᠳᠠ ᠪᠠᠨ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠮᠠᠨ ᠤ ᠬᠤᠳᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢ ᠴᠢᠩᠭᠠᠳᠬᠠᠨ ᠥᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠬᠥᠮᠦᠵᠢᠯ ᠢ ᠰᠤᠷᠭᠠᠭᠤᠯᠢ ᠶᠢ ᠵᠠᠰᠠᠬᠤ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠯᠦᠭᠡ ᠤᠶᠠᠯᠳᠤᠭᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠴᠢᠷᠮᠠᠶᠢᠨ ᠬᠥᠮᠦᠵᠢᠭᠦᠯᠬᠦ ᠬᠡᠷᠡᠭᠲᠡᠢ᠃ ᠡᠯ᠎ᠡ ᠲᠦᠷᠦᠯ ᠤᠨ ᠰᠠᠭᠤᠷᠢ ᠰᠤᠷᠭᠠᠨ ᠬᠥᠮᠦᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠵᠦ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠪᠣᠯᠤᠨ ᠣᠷᠣᠨ ᠪᠦᠰᠡ ᠶᠢᠨ ᠬᠠᠮᠵᠢᠯᠴᠠᠭᠠᠨ ᠤ ᠲᠠᠪᠴᠠᠩ ᠢ ᠰᠠᠶᠢᠲᠤᠷ ᠠᠰᠢᠭᠯᠠᠵᠤ᠂ ᠨᠡᠭᠡᠭᠡᠯᠲᠡ ᠲᠠᠢ ᠪᠠᠷ ᠰᠤᠷᠭᠠᠭᠤᠯᠢ ᠡᠷᠬᠢᠯᠡᠬᠦ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠠᠷᠠᠳ ᠤᠯᠠᠨ ᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ ᠤ ᠬᠤᠲᠠ ᠶᠢᠨ ᠭᠤᠤᠯᠳᠠᠯᠭ᠎ᠠ ᠲᠠᠢ ᠠᠵᠤ ᠦᠢᠯᠡᠰ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠯᠤᠭ᠎ᠠ ᠣᠨᠣᠪᠴᠢᠲᠠᠶ ᠵᠣᠯᠭᠠᠭᠤᠯᠵᠤ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠦᠢᠯᠡᠳᠦᠯ ᠢᠶᠠᠨ ᠪᠠᠳᠠᠷᠠᠭᠤᠯᠤᠨ᠂ ᠤᠷᠠᠨ ᠴᠢᠳᠠᠪᠤᠷᠢᠳᠡᠨ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠶᠡᠬᠡᠪᠡᠷ ᠬᠥᠮᠦᠵᠢᠭᠦᠯᠬᠦ ᠬᠡᠷᠡᠭᠲᠡᠶ᠃ ᠪᠠᠭᠰᠢ ᠶᠢᠨ ᠡᠩᠨᠡᠭᠡ ᠶᠢ ᠰᠢᠯᠢᠳᠡᠭᠵᠢᠬᠦᠯᠦᠨ ᠬᠥᠮᠦᠵᠢᠭᠦᠯᠦᠨ ᠬᠦᠴᠦᠷᠬᠡᠭᠵᠢᠭᠦᠯᠵᠦ᠂ ᠰᠤᠷᠭᠠᠭᠤᠯᠢ ᠶᠢᠨ ᠵᠠᠬᠢᠷᠤᠯ᠂ ᠪᠠᠭᠰᠢ᠂ ᠵᠢᠭᠠᠨ ᠰᠤᠳᠤᠯᠤᠭᠴᠢ ᠶᠢᠨ ︽ᠭᠤᠷᠪᠠᠨ ᠡᠩᠨᠡᠭᠡ︾ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠤᠷᠭᠠᠨ ᠬᠥᠮᠦᠵᠢᠯ ᠢᠶᠠᠷ ᠬᠤᠲᠠ ᠪᠠᠨ ᠬᠦᠴᠦᠷᠬᠡᠭᠵᠢᠭᠦᠯᠬᠦ ᠠᠵᠢᠯ ᠤᠨ ᠰᠠᠭᠤᠷᠢ ᠪᠠᠨ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠪᠠᠶᠢᠭᠤᠯᠤᠮᠵᠢ ᠲᠣᠭᠲᠠᠴᠠ ᠪᠠᠨ ᠪᠦᠷᠢᠨᠰᠢᠬᠦᠯᠦᠨ ᠲᠡᠭᠦᠯᠳᠡᠷᠵᠢᠭᠦᠯᠵᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠰᠤᠷᠭᠠᠨ ᠬᠥᠮᠦᠵᠢᠯ ᠤᠨ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠭᠤᠷᠪᠠᠨ ᠲᠤᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号