ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠬᠤᠷᠠᠯᠳᠤᠪᠠ  ᠼᠦᠢ ᠵᠢᠩ ᠶᠢᠩ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/4/14
     4 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠵᠢᠯ ᠤᠨ ᠲᠤᠷᠰᠢᠬᠢ ᠰᠢ ᠶᠢᠨ ᠫᠢᠩ ᠶᠡᠷᠦᠩᠬᠡᠶ ᠱᠦᠵᠢ ᠶᠢᠨ ᠨᠢᠭᠤᠴᠠ ᠶᠢ ᠬᠠᠮᠠᠭᠠᠯᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠤᠯᠠᠮᠵᠢᠯᠠᠨ ᠰᠤᠷᠤᠯᠴᠠᠵᠤ᠂ ᠲᠣᠣᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠢᠭᠤᠴᠠ ᠶᠢ ᠬᠠᠮᠠᠭᠠᠯᠠᠬᠤ ᠲᠦᠷᠢᠮ ᠢ ᠴᠢᠩᠭ᠎ᠠ ᠰᠠᠬᠢᠵᠤ᠂ ᠠᠮᠤᠷ ᠲᠦᠪᠰᠢᠨ ᠤ ᠰᠡᠷᠭᠡᠶᠢᠯᠡᠯᠲᠡ ᠪᠠᠨ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠠᠰᠢᠭ ᠲᠤᠰᠠ ᠶᠢ ᠬᠤᠬᠢᠷᠠᠭᠤᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠡᠷᠡᠰ ᠰᠡᠷᠭᠡᠶᠢᠯᠡᠨ ᠴᠣᠬᠢᠯᠲᠠ ᠥᠭᠴᠦ᠂ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠬᠢᠨᠠᠯᠲᠠ ᠶᠢ ᠬᠦᠯᠢᠶᠡᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠰᠠᠬᠢᠯᠭ᠎ᠠ ᠪᠠᠲᠤ ᠶᠢᠨ ᠬᠢᠨᠠᠯᠲᠠ᠂ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ︾ ᠢ ᠴᠢᠩᠭ᠎ᠠ ᠬᠡᠷᠡᠭᠵᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠲᠥᠪ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢᠶᠠᠨ ᠭᠦᠨᠵᠡᠭᠡᠢ ᠪᠠᠶᠢᠴᠠᠭᠠᠨ ᠡᠷᠢᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠬᠤ ᠳᠤ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号