4 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2025 ᠣᠨ ᠤ 8 ᠳ᠋ᠤᠭᠠᠷ ᠤᠳᠠᠭᠠᠨ ᠤ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠡᠷᠬᠢᠨ ᠲᠣᠭᠤᠷᠢᠨ ᠤ | ᠠᠵᠢᠯ ᠤᠨ ᠬᠤᠷᠠᠯ ᠲᠡᠭᠡᠷᠡᠭᠢ᠂ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠬᠤ | ᠦᠶ᠎ᠡ ᠪᠠ ᠣᠯᠠᠨ ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ | ᠭᠤᠤᠯᠳᠠᠯᠭ᠎ᠠ ᠲᠠᠢ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠦᠭᠡ ᠠᠭᠤᠯᠠ ᠬᠥᠬᠡᠮᠳᠦᠭ ᠤᠰᠤ ᠪᠣᠯ ᠲᠠᠷᠣᠢ ᠠᠯᠳᠠ ᠮᠥᠩᠭᠦᠨ | ᠠᠭᠤᠯᠠ ᠮᠥᠨ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠲᠦᠷᠪᠡᠨ ᠤᠰᠤ ᠪᠠᠷ ᠲᠦᠷᠪᠡ ᠶᠢ ᠲᠣᠭᠲᠠᠭᠠᠬᠤ︾ | ᠵᠠᠷᠴᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠢ ᠨᠥᠬᠦᠵᠦ ᠵᠠᠶᠢᠯᠠᠬᠤ | ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ᠂ ᠬᠤᠳᠠ ᠶᠢᠨ ᠲᠣᠭᠤᠷᠢᠭ ᠤᠨ ᠨᠣᠭᠤᠭᠠᠷᠠᠭᠤᠯᠤᠯᠲᠠ᠂ | ᠨᠤᠭᠤ ᠭᠠᠵᠠᠷ ᠢ ᠬᠠᠮᠠᠭᠠᠯᠠᠬᠤ ᠵᠡᠷᠭᠡ ᠠᠵᠢᠯ ᠢᠶᠠᠨ ᠰᠠᠶᠢᠲᠤᠷ ᠠᠳᠬᠤᠵᠤ᠂ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠨᠡᠩ ᠶᠡᠭᠡ ᠬᠤᠪᠢ ᠨᠡᠮᠡᠷᠢ | ᠦᠵᠡᠭᠦᠯᠬᠦ ᠬᠡᠷᠡᠭᠲᠡᠢ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠯᠠᠪᠳᠠᠭᠤᠨ | ᠪᠠᠲᠤᠲᠠᠶ ᠠᠬᠢᠭᠤᠯᠵᠤ᠂ ᠪᠡᠭᠡᠵᠢᠩ ᠬᠤᠲᠠ ᠶᠢᠨ ᠬᠤᠯᠪᠣᠭᠳᠠᠯ ᠪᠥᠬᠦᠶ ᠣᠷᠣᠨ ᠪᠠ ᠡᠷᠬᠢᠨ ᠲᠣᠭᠤᠷᠢᠨ ᠤ ᠠᠶᠢᠮᠠᠭ | ᠬᠤᠲᠠ ᠯᠤᠭ᠎ᠠ ᠬᠠᠮᠲᠤᠷᠠᠯᠴᠠᠬᠤ ᠵᠦᠢᠯᠡᠰ ᠢ ᠵᠣᠯᠭᠠᠭᠤᠯᠬᠤ ᠪᠠᠨ ᠴᠢᠩᠭᠠᠳᠬᠠᠵᠤ᠂ ᠠᠯᠢ ᠲᠦᠷᠭᠡᠨ ᠢᠶᠠᠷ ᠦᠨᠡᠨ | ᠪᠣᠳᠠᠲᠠᠶ ᠠᠬᠢᠴᠠ ᠲᠠᠢ ᠪᠣᠯᠬᠤ ᠶᠢ ᠪᠠᠲᠤᠯᠠᠬᠤ ᠬᠡᠷᠡᠭᠲᠡᠶ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠪᠦᠬᠦ ᠤᠯᠤᠰ᠂ ᠪᠦᠬᠦ ᠣᠷᠣᠨ ᠤ ᠦᠶᠡᠷ ᠢ ᠰᠡᠷᠭᠡᠶᠢᠯᠡᠵᠦ ᠭᠠᠩ ᠲᠠᠢ | ᠲᠡᠮᠡᠴᠡᠬᠦ ᠠᠵᠢᠯ ᠤᠨ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ᠂ ᠠᠶᠤᠯᠭᠦᠢ ᠦᠢᠯᠡᠳᠪᠦᠷᠢᠯᠡᠯ᠂ ᠣᠨᠴᠠᠭᠠᠢ ᠴᠠᠭ | ᠠᠭᠤᠷ ᠢ ᠠᠷᠭᠠᠴᠠᠭᠠᠬᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠵᠡᠷᠭᠡ | ᠡᠯ᠎ᠡ ᠵᠦᠢᠯ ᠤᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ | ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠡᠨᠧᠷᠭᠢ ᠶᠢᠨ ᠬᠤᠷᠣᠭᠳᠠᠯ ᠤᠨ ︽ᠬᠤᠤᠰ ᠡᠵᠡᠮᠳᠡᠯ︾ ᠤᠨ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠡᠨᠧᠷᠭᠢ ᠶᠢᠨ ᠬᠤᠷᠣᠭᠳᠠᠯ ᠤᠨ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ | ᠡᠨᠧᠷᠭᠢ ᠶᠢᠨ ᠪᠦᠲᠦᠴᠡ ᠳᠤ ᠲᠦᠷᠭᠡᠨ ᠲᠣᠬᠢᠷᠠᠭᠤᠯᠤᠯᠲᠠ ᠬᠢᠵᠦ᠂ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠡᠨᠧᠷᠭᠢ ᠶᠢᠨ ᠬᠤᠷᠣᠭᠳᠠᠯ ᠤᠨ ︽ᠬᠤᠤᠰ ᠡᠵᠡᠮᠳᠡᠯ︾ ᠢ ᠠᠯᠬᠤᠮ | ᠠᠯᠬᠤᠮ ᠢᠶᠠᠷ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ︽ᠬᠤᠤᠰ ᠡᠵᠡᠮᠳᠡᠯ︾ ᠲᠡᠶᠢᠰᠢ | ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠨᠠᠨ | ᠽᠧ ᠸᠧᠨ ᠠᠺᠠᠳᠧᠮᠢᠴᠢ ᠶᠢᠨ ᠠᠵᠢᠯ ᠤᠨ ᠥᠷᠲᠡᠭᠡ ᠶᠢᠨ ᠬᠠᠮᠲᠤᠷᠠᠯᠴᠠᠵᠤ ᠬᠠᠮᠲᠤ ᠪᠠᠷ ᠪᠠᠶᠢᠭᠤᠯᠬᠤ ᠵᠥᠪᠯᠡᠯᠴᠡᠭᠡᠷ︾ | ︽ᠦᠬᠠᠶ ᠬᠤᠲᠠ ᠶᠢᠨ ᠭᠠᠶᠢᠯᠢ ᠰᠦᠢᠳᠬᠡᠯ ᠢ ᠶᠡᠷᠦᠩᠬᠡᠶᠢᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠵᠡᠷᠭᠡ | ᠪᠢᠴᠢᠭ ᠮᠠᠲ᠋ᠧᠷᠢᠶᠠᠯ ᠢ ᠰᠤᠳᠤᠯᠪᠠ᠃ | |