4 ᠰᠠᠷ᠎ᠠ ᠶᠢᠨ 14 ᠤ ᠡᠳᠦᠷ᠂ ᠬᠠᠶᠢᠨᠠᠨ ᠲᠣᠭᠤᠷᠢᠭ 2025 ᠣᠨ ᠤ ᠨᠠᠮ ᠵᠠᠰᠠᠭ ᠤᠨ ᠪᠠᠶᠢᠭᠤᠯᠭ᠎ᠠ ᠶᠢᠨ | ᠠᠯᠪᠠᠨ ᠵᠢᠷᠤᠮ ᠤᠨ ᠮᠣᠳᠣ ᠵᠠᠶᠢᠯᠠᠬᠤ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠦᠭᠡ ᠠᠭᠤᠯᠠ | ᠬᠥᠬᠡᠮᠳᠦᠭ ᠤᠰᠤ ᠪᠣᠯ ᠲᠠᠷᠣᠢ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ | ᠠᠮᠢ ᠠᠬᠤᠶ ᠶᠢ ᠰᠡᠷᠭᠦᠭᠡᠬᠦ ᠪᠠ ᠬᠤᠲᠠ ᠶᠢᠨ ᠨᠣᠭᠤᠭᠠᠷᠠᠭᠤᠯᠤᠯᠲᠠ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ | ᠪᠠᠶᠠᠨᠲᠤᠬᠤᠢ ᠪᠠᠯᠭᠠᠰᠤᠨ ᠤ ᠮᠣᠳᠣ ᠵᠠᠶᠢᠯᠠᠬᠤ ᠲᠤᠬᠠᠢ ᠶᠢᠨ ᠲᠠᠯᠠᠪᠠᠢ ᠳᠤ᠂ ᠪᠦᠬᠦ ᠲᠣᠭᠤᠷᠢᠭ ᠤᠨ 57 | ᠰᠠᠯᠠᠭ᠎ᠠ ᠮᠥᠴᠢᠷ ᠨᠢᠭᠡᠴᠡ ᠶᠢᠨ 260 ᠭᠠᠷᠤᠢ ᠺᠠᠳ᠋ᠷ ᠠᠵᠢᠯᠳᠠᠨ ᠡᠷᠴᠢ ᠵᠣᠷᠢᠭ ᠲᠡᠭᠦᠯᠳᠡᠷ ᠪᠠᠶᠢᠵᠤ᠂ ᠬᠦᠷᠵᠡ | ᠬᠤᠷᠦ᠋ᠢᠯᠠᠨ ᠰᠢᠷᠣᠢ ᠮᠠᠯᠲᠠᠵᠤ᠂ ᠴᠢᠬᠢ ᠲᠦᠰᠢᠨ ᠨᠦᠬᠡ ᠪᠥᠭᠯᠡᠵᠦ᠂ ᠰᠢᠷᠣᠢ ᠨᠡᠮᠡᠨ ᠮᠤᠲᠤ ᠤᠰᠤᠯᠠᠵᠤ᠂ ᠬᠦᠴᠦ ᠪᠠᠨ | ᠬᠠᠮᠲᠤᠳᠬᠠᠨ 1000 ᠭᠠᠷᠤᠢ ᠰᠠᠭᠤᠷᠢ ᠮᠣᠳᠣ ᠵᠠᠶᠢᠯᠠᠵᠤ᠂ ᠨᠣᠭᠤᠭᠠᠷᠠᠭᠤᠯᠤᠯᠲᠠ ᠶᠢᠨ ᠲᠠᠯᠠᠪᠠᠢ ᠨᠢ 10 ᠮᠦ | ᠬᠦᠷᠪᠡ᠃ ᠬᠠᠶᠢᠨᠠᠨ ᠲᠣᠭᠤᠷᠢᠭ᠂ ᠪᠠᠶᠠᠨᠲᠣᠬᠤᠶ ᠪᠠᠯᠭᠠᠰᠤᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ | ᠲᠤᠰᠬᠠᠶ ᠮᠡᠷᠭᠡᠵᠢᠯ ᠤᠨ ᠠᠵᠢᠯᠲᠠᠨ ᠲᠤᠬᠠᠶ ᠶᠢᠨ ᠭᠠᠵᠠᠷ ᠲᠤᠨᠢ ᠵᠢᠭᠠᠨ ᠵᠢᠯᠣᠭᠤᠳᠴᠤ᠂ ᠮᠤᠲᠤ ᠵᠠᠶᠢᠯᠠᠬᠤ ᠶᠠᠰᠤ | ᠴᠢᠨᠠᠷ ᠢ ᠦᠨᠡᠨᠬᠦ ᠪᠠᠲᠤᠯᠠᠵᠤ᠂ ᠴᠢᠬᠢ ᠮᠣᠳᠣᠨ ᠤ ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠪᠡ᠃ | ᠣᠶᠢᠷ᠎ᠠ ᠶᠢᠨ ᠵᠢᠯ ᠠᠴᠠ ᠨᠠᠰᠢ᠂ ᠬᠠᠶᠢᠨᠠᠨ ᠲᠣᠭᠤᠷᠢᠭ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠶᠢ | ᠦᠷᠭᠦᠯᠵᠢᠯᠡᠨ ᠠᠬᠢᠭᠤᠯᠵᠤ᠂ ᠣᠶ ᠰᠢᠭᠤᠶ ᠡᠪᠡᠰᠦ ᠪᠡᠯᠴᠢᠭᠡᠷ ᠢ ᠤᠶᠠᠯᠳᠤᠭᠤᠯᠬᠤ᠂ ᠲᠣᠬᠢᠷᠠᠮᠵᠢᠲᠠᠶ ᠭᠠᠵᠠᠷ ᠲᠤ ᠮᠣᠳᠣ | ᠵᠠᠶᠢᠯᠠᠬᠤ ᠵᠠᠷᠴᠢᠮ ᠢ ᠪᠠᠷᠢᠮᠲᠠᠯᠠᠨ᠂ ᠬᠥᠪᠴᠢ— ᠮᠤᠤᠠᠤᠰᠤ ᠡᠯᠡᠰᠦᠨ ᠴᠦᠯ ᠤᠨ ᠡᠯᠡᠰᠦᠷᠬᠡᠭᠵᠢᠭᠰᠡᠨ ᠭᠠᠵᠠᠷ ᠢ | ᠶᠡᠷᠦᠩᠬᠡᠶᠢᠯᠡᠨ ᠵᠠᠰᠠᠬᠤ ᠵᠢᠴᠢ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠣᠶ ᠰᠢᠭᠤᠶ ᠡᠪᠡᠰᠦ ᠪᠡᠯᠴᠢᠭᠡᠷ ᠢ | ᠨᠢᠭᠡ ᠴᠤᠭᠴᠠᠵᠢᠭᠤᠯᠤᠨ ᠬᠠᠮᠠᠭᠠᠯᠠᠨ ᠰᠡᠷᠭᠦᠭᠡᠬᠦ ᠵᠡᠷᠭᠡ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠢᠴᠢ ᠠᠮᠢ | ᠠᠬᠤᠶ ᠶᠢ ᠰᠡᠷᠭᠦᠭᠡᠬᠦ ᠲᠥᠷᠥᠯ ᠵᠦᠢᠯ ᠢ ᠶᠡᠬᠡᠪᠡᠷ ᠬᠡᠷᠡᠭᠵᠢᠭᠦᠯᠵᠦ᠂ ᠬᠢᠯᠢ ᠳᠠᠭᠠᠤ᠂ ᠵᠠᠮ ᠳᠠᠭᠠᠤ᠂ ᠠᠭᠤᠯᠠ ᠳᠠᠭᠠᠤ᠂ | ᠭᠤᠤᠯ ᠳᠠᠭᠠᠤ ᠶᠢᠨ ᠬᠠᠯᠬᠠᠪᠴᠢ ᠣᠶ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠶ ᠶᠢᠨ | ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠪᠡ᠃ ᠡᠭᠦᠨ ᠤ | ᠬᠠᠮᠲᠤ᠂ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠵᠠᠶᠢᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠨᠡᠶᠢᠭᠡᠮ ᠤᠨ ᠬᠦᠴᠦᠨ ᠢ ᠳᠠᠶᠢᠴᠢᠯᠠᠨ ᠣᠶᠢᠵᠢᠭᠤᠯᠵᠤ ᠨᠣᠭᠤᠭᠠᠷᠠᠭᠤᠯᠬᠤ ᠳᠤ ᠥᠷᠭᠡᠨ ᠢᠶᠠᠷ ᠣᠷᠣᠯᠴᠠᠭᠤᠯᠪᠡ᠃ |