【ᠲᠤᠭ᠎ᠠ ᠪᠦᠷᠢᠳᠭᠡᠯ】ᠮᠠᠨ ᠤ ᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠠᠮᠢ ᠠᠬᠤᠶ ᠶᠢ ᠲᠠᠰᠤᠷᠠᠯᠲᠠ ᠥᠬᠡᠶ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2025/4/15
     ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠡᠨᠡ ᠵᠢᠯ᠂ ᠮᠠᠨ ᠤ ᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠠᠮᠢ ᠠᠬᠤᠶ ᠶᠢ ᠰᠢᠯᠢᠳᠡᠭᠵᠢᠭᠦᠯᠬᠦ ᠠᠵᠢᠯ ᠢᠶᠠᠨ ᠦᠷᠭᠦᠯᠵᠢᠯᠡᠨ ᠭᠦᠨᠵᠡᠭᠡᠶ ᠠᠬᠢᠭᠤᠯᠵᠤ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ᠂ ᠮᠦᠩᠬᠦᠨ ᠬᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠳᠠᠬᠢ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠬᠦ᠂ ᠬᠤᠲᠠ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠬᠤ ᠵᠡᠷᠭᠡ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠮᠢ ᠠᠬᠤᠶ ᠶᠢ ᠰᠢᠯᠢᠳᠡᠭᠵᠢᠭᠦᠯᠵᠦ᠂ ᠪᠥᠬᠦ ᠬᠤᠲᠠ ᠶᠢᠨ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠦᠴᠦᠯᠡᠨ ᠬᠥᠭᠵᠢᠭᠡᠪᠡ᠃      ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠳᠠᠬᠢ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠪᠡ᠃ ᠪᠥᠬᠦ ᠬᠤᠲᠠ ᠶᠢᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠰᠦᠪ ᠲᠤ 11676 ᠲᠦᠮᠡᠨ ᠲᠥᠭᠦᠷᠢᠭ ᠲᠣᠬᠢᠷᠠᠭᠤᠯᠵᠤ᠂ ᠠᠳᠠᠯᠢ ᠬᠤᠭᠤᠴᠠᠭᠠᠨ ᠤ ᠬᠢ ᠠᠴᠠ 23% ᠨᠡᠮᠡᠭᠳᠡᠵᠦ᠂ ᠡᠭᠦᠨ ᠳᠤ ᠬᠤᠲᠠ ᠶᠢᠨ ᠲᠣᠰ ᠱᠠᠲᠤᠨ ᠤ 6000 ᠲᠦᠮᠡᠨ ᠲᠥᠭᠦᠷᠢᠭ᠂ ᠭᠤᠷᠪᠠᠨ ᠲᠣᠭᠤᠷᠢᠭ ᠲᠣᠰ ᠪᠦᠷᠢ 1892 ᠲᠦᠮᠡᠨ ᠲᠥᠭᠦᠷᠢᠭ ᠲᠤ ᠬᠦᠷᠴᠦ᠂ ᠬᠤᠲᠠ ᠶᠢᠨ ᠨᠠᠮ ᠤᠨ ᠬᠤᠷᠢᠶ᠎ᠠ ᠪᠠ ᠬᠤᠲᠠ ᠶᠢᠨ ᠵᠠᠰᠠᠭ ᠤᠨ ᠣᠷᠳᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠪᠡ᠃ 3 ᠰᠠᠷ᠎ᠠ ᠶᠢᠨ ᠡᠴᠦᠰ ᠪᠣᠯᠲᠠᠯ᠎ᠠ᠂ ᠪᠥᠬᠦ ᠬᠤᠲᠠ ᠶᠢᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠳᠠᠬᠢ ᠵᠠᠷᠤᠯᠭ᠎ᠠ 3729 ᠲᠦᠮᠡᠨ ᠲᠥᠭᠦᠷᠢᠭ ᠲᠤ ᠬᠦᠷᠴᠦ᠂ ᠪᠥᠬᠦ ᠬᠤᠲᠠ ᠶᠢᠨ ᠡᠩ ᠤᠨ ᠲᠥᠰᠦᠪ ᠤᠨ ᠵᠠᠷᠤᠯᠭ᠎ᠠ ᠶᠢᠨ 1.4% ᠶᠢ ᠡᠵᠡᠯᠡᠪᠡ᠃      ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠳᠠᠬᠢ ᠦᠢᠯᠡᠳᠦᠯ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠪᠡ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠯᠤᠭ᠎ᠠ ᠤᠶᠠᠯᠳᠤᠭᠤᠯᠤᠨ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ ᠳᠠᠮᠵᠢᠭᠤᠯᠤᠨ ᠬᠦᠷᠭᠡᠬᠦ ᠠᠵᠢᠯ ᠢᠶᠠᠨ ᠦᠷᠭᠦᠯᠵᠢᠯᠡᠨ ᠰᠠᠶᠢᠲᠤᠷ ᠬᠢᠵᠦ᠂ ᠡᠨᠡ ᠵᠢᠯ 9 ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠮᠡᠳᠡᠭᠦᠯᠦᠨ ᠬᠦᠷᠭᠡᠵᠦ᠂ 3 ᠰᠠᠷ᠎ᠠ ᠶᠢᠨ ᠰᠡᠭᠦᠯᠴᠢ ᠪᠣᠯᠲᠠᠯ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠤ 55.91 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠪᠡ᠃      ᠬᠤᠲᠠ ᠲᠣᠭᠤᠷᠢᠭ‌‍ᠤᠨ ᠰᠢᠨᠵᠢᠯᠡᠬᠦ ᠤᠬᠠᠭᠠᠨ ᠮᠡᠷᠭᠡᠵᠢᠯ‌‍ᠤᠨ ᠠᠵᠢᠯ‌‍ᠤᠨ ᠨᠡᠶᠢᠯᠡᠮᠡᠯ ᠬᠦᠴᠦᠨ ᠢ ᠨᠢᠭᠲᠠᠷᠠᠬᠤᠯᠪᠡ᠃ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ‌‍ᠤᠨ ᠲᠣᠪᠴᠢᠶ᠎ᠠ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ‌‍ᠪᠡᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠠᠵᠢᠯ‌‍ᠤᠨ ᠲᠥᠰᠦᠯ︾ ︽2025 ᠣᠨ ᠤ ᠰᠢᠨᠵᠢᠯᠡᠬᠦ ᠤᠬᠠᠭᠠᠨ ᠮᠡᠷᠭᠡᠵᠢᠯ‌‍ᠤᠨ ︿ᠪᠦᠰᠡᠯᠡᠯᠲᠡ ᠶᠢ ᠰᠢᠪᠲᠤᠯᠬᠤ﹀ ᠢᠨᠵᠧᠨᠧᠷᠢᠩ‌‍ᠤᠨ ᠡᠭᠦᠷᠭᠡ ᠶᠢᠨ ᠨᠠᠷᠢᠨ ᠲᠠᠩᠰᠠ︾ ᠶᠢ ᠳᠠᠷᠤᠮᠠᠯᠯᠠᠨ ᠲᠠᠷᠬᠠᠭᠠᠵᠤ᠂ ᠣᠳᠣᠬᠠᠨ ᠤ ᠪᠠ ᠬᠤᠶᠢᠰᠢᠳᠠ‌‍ᠶᠢᠨ ᠬᠡᠰᠡᠭ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠭᠤᠤᠯᠳᠠᠯᠭ᠎ᠠ ᠲᠠᠢ ᠠᠵᠢᠯ ᠪᠠ ᠡᠭᠦᠷᠭᠡ‌‍ᠶᠢᠨ ᠠᠵᠢᠯ‌‍ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠲᠥᠯᠥᠪᠯᠡᠭᠡ ᠶᠣᠰᠣᠭᠠᠷ ᠭᠤᠤᠯᠳᠠᠯᠭ᠎ᠠ‌‍ᠲ᠋ᠠᠢ ᠲᠥᠷᠥᠯ ᠵᠦᠢᠯ ᠢ ᠠᠬᠢᠭᠤᠯᠵᠤ᠂ ︽ᠲᠣᠮᠣ ᠰᠢᠨᠵᠢᠯᠡᠬᠦ ᠤᠬᠠᠭᠠᠨ ᠮᠡᠷᠭᠡᠵᠢᠯ︾ ᠤᠨ ᠠᠵᠢᠯ‌‍ᠤᠨ ᠪᠠᠶᠢᠷᠢᠰᠢᠯ ᠢ ᠲᠦᠷᠭᠡᠪᠴᠢᠯᠡᠨ ᠪᠠᠶᠢᠭᠤᠯᠪᠠ᠃      ᠬᠤᠲᠠ ᠶᠢᠨ ᠲᠤᠰ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠪᠠ ᠪᠡᠯᠡ ᠮᠥᠩᠭᠦ ᠶᠢᠨ ᠬᠠᠮᠢᠶᠠᠷᠤᠯᠲᠠ ᠶᠢᠨ ᠲᠣᠭᠲᠠᠴᠠ ᠪᠠᠨ ᠲᠡᠭᠦᠯᠳᠡᠷᠵᠢᠭᠦᠯᠪᠡ᠃ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ︽ᠦᠬᠠᠶ ᠬᠤᠲᠠ ᠶᠢᠨ ᠲᠣᠰ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠪᠠ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠰᠢᠯᠢᠨ ᠰᠣᠩᠭᠤᠬᠤ ᠠᠷᠭ᠎ᠠ ᠮᠠᠶ᠋ᠢᠭ ᠢᠶᠠᠨ ᠰᠢᠯᠢᠳᠡᠭᠵᠢᠭᠦᠯᠦᠨ᠂ ᠦᠷ᠎ᠡ ᠪᠦᠲᠦᠭᠡᠯ ᠤᠨ ᠶᠠᠰᠤ ᠴᠢᠨᠠᠷ ᠢᠶᠠᠷ ᠤᠳᠤᠷᠢᠳᠤᠮᠵᠢ ᠪᠤᠯᠭᠠᠬᠤ ᠴᠤᠪᠤᠷᠠᠯ ᠤᠨ ᠬᠠᠮᠢᠶᠠᠷᠤᠯᠲᠠ ᠪᠠᠨ ᠴᠢᠩᠭᠠᠷᠠᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号