ᠮᠠᠨ ᠤ ᠬᠤᠲᠠ ᠶᠢᠨ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠤᠨ ᠰᠠᠭᠠᠳ ᠥᠬᠡᠶ ᠨᠡᠪᠲᠡᠷᠡᠬᠦ ᠶᠢ | ᠪᠠᠲᠤᠯᠠᠬᠤ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠶᠢᠨ | ᠲᠥᠯᠥᠭᠡ᠂ ᠦᠬᠠᠶ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠠᠵᠢᠯ ᠲᠥᠷᠥᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ︽ᠬᠤᠶᠠᠷ ᠢ ᠴᠢᠩᠭᠠᠳᠬᠠᠵᠤ ᠬᠤᠶᠠᠷ ᠢ ᠳᠡᠭᠡᠭᠰᠢᠯᠡᠭᠦᠯᠬᠦ︾ ᠠᠵᠢᠯ ᠤᠨ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠰᠢᠤᠳᠠᠨ ᠤ ᠭᠤᠤᠯ ᠱᠤᠭᠤᠮ ᠤᠨ ᠲᠡᠭᠡᠭᠡᠪᠦᠷᠢ ᠶᠢᠨ ᠠᠮᠤᠷ ᠲᠦᠪᠰᠢᠨ ᠤ ᠰᠠᠭᠠᠳ | ᠥᠬᠡᠶ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ | ᠦᠬᠠᠶ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠵᠠᠮ | ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠯᠦᠭᠡ ᠵᠣᠯᠭᠠᠭᠤᠯᠵᠤ᠂ ᠰᠢᠤᠳᠠᠨ ᠤ ᠲᠦᠷᠭᠡᠨ ᠬᠦᠷᠭᠡᠯᠲᠡ ᠶᠢᠨ | ᠭᠤᠤᠯ ᠱᠤᠭᠤᠮ ᠤᠨ ᠲᠡᠭᠡᠭᠡᠪᠦᠷᠢ ᠶᠢᠨ ᠲᠡᠷᠭᠡ ᠬᠥᠰᠬᠡ ᠳᠤ ᠡᠯᠧᠺᠲᠷᠣᠨ ᠨᠡᠪᠲᠡᠷᠡᠬᠦ ᠦᠨᠡᠮᠯᠡᠯ ᠣᠯᠭᠤᠵᠣ᠂ ᠵᠠᠮ | ᠨᠡᠪᠲᠡᠷᠡᠯᠭᠡ ᠶᠢᠨ ᠱᠤᠭᠤᠮ ᠢᠶᠠᠨ ᠰᠢᠯᠢᠳᠡᠭᠵᠢᠭᠦᠯᠵᠦ᠂ ᠭᠤᠤᠯ ᠱᠤᠭᠤᠮ ᠤᠨ ᠨᠡᠪᠲᠡᠷᠡᠬᠦ ᠴᠠᠭ ᠢ ᠪᠠᠭᠠᠰᠬᠠᠵᠤ᠂ ᠭᠤᠤᠯ | ᠱᠤᠭᠤᠮ ᠤᠨ ᠲᠡᠷᠭᠡ ᠬᠥᠰᠬᠡ ᠶᠢᠨ ᠨᠡᠪᠲᠡᠷᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠪᠡ᠃ ᠡᠭᠦᠨ ᠤ ᠬᠠᠮᠲᠤ᠂ ᠲᠣᠰ | ᠲᠣᠪᠴᠢᠶ᠎ᠠ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠯᠦᠭᠡ ᠬᠠᠮᠲᠤᠷᠠᠨ ᠵᠠᠮ ᠬᠠᠷᠢᠯᠴᠠᠭᠠᠨ ᠤ ᠠᠮᠤᠷ | ᠲᠦᠪᠰᠢᠨ ᠤ ᠪᠣᠯᠪᠠᠰᠤᠷᠠᠭᠤᠯᠤᠯ ᠢ ᠥᠷᠨᠢᠭᠦᠯᠵᠦ᠂ ᠨᠡᠪᠲᠡᠷᠡᠬᠦ ᠦᠨᠡᠮᠯᠡᠯ ᠣᠯᠤᠭᠰᠠᠨ ᠲᠡᠷᠭᠡ ᠬᠥᠰᠬᠡ ᠶᠢᠨ ᠨᠡᠪᠲᠡᠷᠡᠬᠦ | ᠦᠨᠡᠮᠯᠡᠯ ᠢ ᠬᠠᠤᠯᠢ ᠶᠣᠰᠣᠭᠠᠷ ᠵᠢᠷᠤᠮᠵᠢᠭᠤᠯᠤᠨ ᠬᠡᠷᠡᠭᠯᠡᠬᠦ᠂ ᠠᠮᠤᠷ ᠲᠦᠪᠰᠢᠨ ᠪᠥᠭᠡᠳ ᠪᠣᠯᠪᠠᠰᠤᠨ ᠢᠶᠠᠷ | ᠵᠢᠯᠣᠭᠤᠳᠬᠤ ᠶᠢ ᠦᠨᠡᠨᠬᠦ ᠪᠠᠲᠤᠯᠠᠪᠠ᠃ |