4 ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ᠂ | ᠬᠤᠲᠠ ᠶᠢᠨ ᠶᠡᠷᠦᠩᠬᠡᠶ ᠭᠤᠤᠯ ᠤᠨ ᠳᠠᠷᠤᠭ᠎ᠠ ᠵᠧᠦ ᠶᠢᠨ ᠰᠢᠩ ᠤᠰᠤ ᠠᠷᠪᠢᠯᠠᠬᠤ ᠠᠵᠢᠯᠯᠠᠭ᠎ᠠ ᠶᠢ ᠠᠬᠢᠭᠤᠯᠤᠭᠰᠠᠨ | ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠬᠦ ᠶᠢᠨ ᠬᠠᠮᠲᠤ ᠭᠤᠣᠯ ᠴᠠᠭᠳᠠᠬᠤ ᠠᠵᠢᠯ ᠥᠷᠨᠢᠭᠦᠯᠪᠡ᠃ ᠬᠤᠲᠠ ᠶᠢᠨ | ᠤᠳᠤᠷᠢᠳᠤᠯᠭ᠎ᠠ ᠯᠢ ᠴᠦᠨ ᠰᠢᠶᠤᠤ᠂ ᠯᠢ ᠾᠧ ᠫᠢᠩ ᠣᠷᠣᠯᠴᠠᠪᠡ᠃ | ᠵᠧᠦ ᠶᠢᠨ ᠰᠢᠩ ᠤᠷᠢᠳ ᠬᠤᠵᠢᠳ ᠤᠳᠠ ᠲᠣᠭᠤᠷᠢᠭ ᠤᠨ ᠪᠠᠶᠠᠨᠰᠠᠶᠢᠨ ᠭᠤᠣᠯ᠂ ᠣᠯᠠᠭᠠᠨᠨᠠᠭᠤᠷ ᠪᠠᠯᠭᠠᠰᠤ | ᠪᠣᠯᠤᠨ ᠪᠢᠨ ᠾᠧ ᠶᠢᠨ ᠠᠮᠢ ᠠᠬᠤᠢ ᠶᠢᠨ ᠬᠦᠷᠢᠶᠡᠯᠡᠩ ᠳᠤ ᠬᠦᠷᠴᠦ᠂ ᠭᠤᠣᠯ ᠤᠨ ᠵᠠᠮ ᠢ ᠵᠠᠰᠠᠬᠤ᠂ ᠲᠠᠷᠢᠶᠠᠯᠠᠩ ᠤᠨ | ᠤᠰᠤ ᠠᠷᠪᠢᠯᠠᠬᠤ᠂ ᠣᠶᠤᠨᠴᠢ ᠤᠰᠤᠯᠠᠯᠲᠠ ᠶᠢᠨ ᠲᠤᠷᠰᠢᠯᠲᠠ ᠶᠢᠨ ᠴᠢᠭ ᠤᠨ ᠪᠦᠳᠦᠭᠡᠨ ᠪᠠᠶᠢᠭᠤᠯᠤᠯᠲᠠ ᠵᠡᠷᠭᠡ | ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠤᠰᠤ ᠠᠷᠪᠢᠯᠠᠬᠤ ᠠᠵᠢᠯᠯᠠᠭ᠎ᠠ ᠶᠢ ᠬᠡᠷᠡᠭᠵᠢᠭᠦᠯᠬᠦ ᠪᠣᠯ | ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ | ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ ᠪᠠᠰᠠ | ᠦᠬᠠᠢ ᠶᠢᠨ ᠬᠥᠭᠵᠢᠯᠲᠡ ᠶᠢᠨ ᠡᠯᠧᠮᠧᠨ᠋ᠲ ᠤᠨ ᠲᠤᠯᠭᠠᠭᠤᠷᠢᠯᠠᠯ ᠤᠨ ᠪᠣᠭᠤᠮᠢ ᠶᠢ ᠰᠢᠢᠳᠪᠦᠷᠢᠯᠡᠬᠦ ᠪᠣᠳᠠᠲᠤ ᠬᠡᠷᠡᠭᠴᠡᠭᠡ | ᠪᠣᠯᠤᠨ᠎ᠠ᠃ ︽ᠲᠦᠷᠪᠡᠨ ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠪᠦᠬᠦ ᠲᠠᠯ᠎ᠠ ᠪᠠᠷ ᠲᠤᠤᠱᠯᠠᠭᠤᠯᠵᠤ᠂ | ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠲᠦᠪᠰᠢᠨ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠬᠤ | ᠬᠡᠷᠡᠭᠲᠡᠢ᠃ ᠲᠠᠷᠢᠶᠠᠯᠠᠩ ᠤᠨ ᠤᠰᠤ ᠠᠷᠪᠢᠯᠠᠬᠤ ᠳᠠᠯᠳᠠ ᠴᠢᠳᠠᠪᠤᠷᠢ ᠶᠢ ᠭᠦᠨ ᠠᠭᠤᠳᠠᠯᠵᠤ᠂ ᠲᠠᠷᠢᠶᠠᠯᠠᠩ ᠤᠨ | ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠰᠤ ᠠᠷᠪᠢᠯᠠᠬᠤ ᠲᠡᠷᠢᠭᠦᠨ ᠤ | ᠮᠡᠷᠭᠡᠵᠢᠯ ᠢ ᠳᠡᠯᠭᠡᠷᠡᠭᠦᠯᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠶᠢ ︽ᠦᠯᠢᠭᠡᠷ ᠲᠠᠭᠤᠷᠢᠶᠠᠯ ᠮᠠᠶ᠋ᠢᠭ︾ ᠠᠴᠠ | ︽ᠪᠦᠬᠦ ᠣᠷᠣᠨ ᠪᠦᠰᠡᠵᠢᠭᠦᠯᠬᠦ︾ ᠲᠡᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ᠃ ᠪᠣᠷᠣᠭᠠᠨ ᠤ ᠤᠰᠤ ᠶᠢ | ᠬᠤᠷᠠᠮᠳᠤᠭᠤᠯᠤᠨ ᠬᠠᠳᠠᠭᠠᠯᠠᠬᠤ ᠵᠡᠷᠭᠡ ᠡᠩ ᠤᠨ ᠪᠤᠰᠤ ᠤᠰᠤᠨ ᠠᠰᠢᠭᠯᠠᠯᠲᠠ ᠶᠢ ᠬᠡᠷᠡᠭᠯᠡᠬᠦ ᠡᠷᠴᠢᠮ ᠢᠶᠠᠨ | ᠴᠢᠩᠭᠠᠷᠠᠭᠤᠯᠵᠤ᠂ ᠣᠶᠤᠨᠴᠢ ᠤᠰᠤᠯᠠᠯᠲᠠ ᠵᠡᠷᠭᠡ ᠤᠰᠤ ᠠᠷᠪᠢᠯᠠᠬᠤ ᠵᠠᠭᠪᠤᠷ ᠢ ᠳᠡᠯᠭᠡᠷᠡᠭᠦᠯᠵᠦ᠂ ᠠᠮᠢ ᠠᠬᠤᠢ ᠶᠢᠨ | ᠤᠰᠤ ᠬᠡᠷᠡᠭᠯᠡᠬᠦ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠪᠠᠷ ᠴᠢᠷᠮᠠᠶᠢᠬᠤ ᠬᠡᠷᠡᠭᠲᠡᠢ ᠤᠰᠤ ᠠᠷᠪᠢᠯᠠᠬᠤ ᠠᠵᠤ | ᠦᠢᠯᠡᠰ ᠢ ᠶᠡᠭᠡ ᠪᠠᠷ ᠬᠥᠭᠵᠢᠭᠦᠯᠵᠦ᠂ ︽ᠬᠡᠷ᠎ᠡ ᠲᠤᠭᠳᠠᠵᠤ ᠤᠰᠤ ᠠᠷᠪᠢᠯᠠᠬᠤ+ ᠤᠰᠤᠨ ᠤ ᠡᠷᠬᠡ ᠶᠢ ᠰᠢᠯᠵᠢᠭᠦᠯᠦᠨ | ᠥᠭᠬᠦ︾ ᠠᠷᠠᠯᠵᠢᠶᠠᠨ ᠤ ᠵᠠᠭᠪᠤᠷ ᠢ ᠲᠡᠭᠦᠯᠳᠡᠷᠵᠢᠭᠦᠯᠵᠦ᠂ ᠤᠰᠤ ᠠᠷᠪᠢᠯᠠᠬᠤ ᠬᠡᠷᠡᠭᠯᠡᠭᠡᠨ ᠤ ᠪᠠᠶᠢᠳᠠᠯ ᠢ ᠪᠤᠢ ᠪᠣᠯᠭᠠᠵᠤ᠂ | ᠤᠰᠤᠨ ᠤ ᠡᠬᠢ ᠪᠠᠶᠠᠯᠢᠭ ᠤᠨ ᠲᠤᠬᠢᠷᠠᠭᠤᠯᠤᠯᠳᠠ ᠪᠠᠨ ᠰᠢᠯᠢᠳᠡᠭᠵᠢᠭᠦᠯᠵᠦ᠂ ᠤᠰᠤᠨ ᠤ ᠡᠬᠢ ᠪᠠᠶᠠᠯᠢᠭ ᠤᠨ | ᠡᠯᠧᠮᠧᠨ᠋ᠲ ᠤᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠲᠡᠶᠢᠰᠢ ᠲᠥᠪᠯᠡᠷᠡᠬᠦ ᠶᠢ ᠠᠬᠢᠭᠤᠯᠬᠤ ᠬᠡᠷᠡᠭᠲᠡᠢ᠃ ᠭᠤᠣᠯ | ᠮᠥᠷᠡᠨ ᠤ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠭᠤᠤᠯ ᠤᠨ ᠵᠠᠮ ᠢ ᠴᠡᠪᠡᠷᠯᠡᠨ ᠠᠷᠢᠯᠭᠠᠬᠤ | ᠠᠵᠢᠯᠯᠠᠭ᠎ᠠ︾ ᠶᠢ ᠭᠦᠨᠵᠡᠭᠡᠢ ᠠᠬᠢᠭᠤᠯᠵᠤ᠂ ᠭᠤᠣᠯ ᠤᠨ ᠵᠠᠮ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ | ᠴᠢᠨᠠᠭᠰᠢᠳᠠ ᠰᠠᠶᠢᠵᠢᠷᠠᠭᠤᠯᠬᠤ ᠬᠡᠷᠡᠭᠲᠡᠢ ᠭᠡᠵᠡᠢ᠃ |