ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ | ᠠᠵᠤ ᠠᠬᠤᠶᠢᠯᠠᠯ ᠤᠨ ᠨᠡᠷᠡᠰ ᠢ ᠨᠡᠶᠢᠲᠡᠯᠡᠵᠦ᠂ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠬᠡᠤᠷᠰᠢᠭᠦᠯᠬᠦ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢ ᠯᠠᠶ ᠹᠧᠩ ᠳᠠᠬᠢ ᠬᠤᠪᠢᠶᠠᠷᠢ ᠺᠣᠮᠫᠠᠨᠢ ᠶᠢᠨ ᠮᠧᠲ᠋ᠢᠯ ᠠᠯᠺᠣᠣᠯ ᠤᠨ | ᠦᠢᠯᠡᠳᠪᠦᠷᠢ᠂ ᠦᠬᠠᠶ ᠬᠤᠲᠠ ᠶᠢᠨ ᠬᠦᠬᠤᠰᠣ ᠨᠡᠭᠦᠷᠡᠰᠦᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠨᠡᠷᠡᠰ ᠤᠨ ᠵᠢᠭᠰᠠᠭᠠᠯᠲᠠ ᠳᠤ ᠣᠷᠣᠪᠠ᠃ | ᠣᠶᠢᠷ᠎ᠠ ᠶᠢᠨ ᠵᠢᠯ ᠠᠴᠠ ᠨᠠᠰᠢ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠵᠢᠯ | ᠮᠡᠷᠭᠡᠵᠢᠯ ᠤᠨ ᠡᠷᠡᠭᠦᠯ ᠮᠡᠨᠳᠦ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠤᠯᠢ ᠶᠣᠰᠣᠭᠠᠷ ᠬᠢᠨᠠᠨ | ᠬᠠᠮᠢᠶᠠᠷᠬᠤ ᠪᠠᠨ ᠴᠢᠩᠭᠠᠳᠬᠠᠭᠰᠠᠨ ᠰᠠᠭᠤᠷᠢᠨ ᠳᠡᠭᠡᠷ᠎ᠡ᠂ ᠪᠠᠭᠲᠠᠭᠠᠮᠵᠢᠲᠠᠶ ᠪᠣᠯᠭᠤᠮᠵᠢᠲᠠᠶ ᠬᠢᠨᠠᠨ ᠬᠠᠮᠢᠶᠠᠷᠬᠤ ᠠᠷᠭ᠎ᠠ | ᠬᠡᠯᠪᠡᠷᠢ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠱᠠᠲᠤ | ᠬᠤᠪᠢᠶᠠᠨ ᠬᠠᠮᠢᠶᠠᠷᠬᠤ ᠵᠠᠭᠪᠤᠷ ᠢ ᠲᠤᠷᠰᠢᠨ ᠬᠡᠷᠡᠭᠵᠢᠭᠦᠯᠵᠦ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ | ᠬᠦᠷᠢᠶᠡᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠰᠢᠯᠢᠳᠡᠭᠵᠢᠭᠦᠯᠵᠦ᠂ ︽ᠡᠷᠡᠭᠦᠯ ᠮᠡᠨᠳᠦ ᠠᠵᠤ | ᠠᠬᠤᠶᠢᠯᠠᠯ︾ ᠢ ᠡᠭᠦᠳᠦᠨ ᠪᠠᠶᠢᠭᠤᠯᠬᠤ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠳᠥᠷᠪᠡᠨ ᠵᠢᠯ ᠳᠠᠷᠠᠭᠠᠯᠠᠨ ᠪᠥᠬᠦ | ᠬᠤᠲᠠ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠭᠠᠳ ᠮᠤᠵᠢ ᠶᠢᠨ ᠱᠠᠲᠤᠨ ᠤ ᠡᠷᠡᠭᠦᠯ | ᠮᠡᠨᠳᠦ ᠠᠵᠤ ᠠᠬᠤᠶᠢᠯᠠᠯ ᠢ ᠡᠭᠦᠳᠦᠨ ᠪᠠᠶᠢᠭᠤᠯᠬᠤ ᠠᠵᠢᠯᠯᠠᠭ᠎ᠠ ᠥᠷᠨᠢᠭᠦᠯᠪᠡ᠃ ᠣᠲᠣ ᠪᠣᠯᠲᠠᠯ᠎ᠠ᠂ ᠨᠢᠭᠡᠨᠲᠡ 8 | ᠨᠢᠭᠡᠴᠡ ᠬᠤᠲᠠ ᠶᠢᠨ ᠲᠡᠰ ᠤᠨ ᠡᠷᠡᠭᠦᠯ ᠮᠡᠨᠳᠦ ᠠᠵᠤ ᠠᠬᠤᠶᠢᠯᠠᠯ ᠢᠶᠠᠷ ᠦᠨᠡᠯᠡᠭᠳᠡᠵᠦ᠂ ᠬᠤᠶᠠᠷ ᠠᠵᠤ ᠠᠬᠤᠶᠢᠯᠠᠯ | ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠡᠭᠦᠯ ᠮᠡᠨᠳᠦ ᠶᠢᠨ ᠠᠵᠤ ᠠᠬᠤᠶᠢᠯᠠᠯ ᠢᠶᠠᠷ ᠦᠨᠡᠯᠡᠭᠳᠡᠪᠡ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠷᠡᠭᠦᠯ ᠮᠡᠨᠳᠦ | ᠠᠵᠤ ᠠᠬᠤᠶᠢᠯᠠᠯ ᠤᠨ ᠪᠠᠶᠢᠭᠤᠯᠤᠯᠲᠠ ᠪᠠᠷ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠠᠵᠢᠯ ᠤᠨ ᠴᠢᠬᠤᠯᠠ | ᠭᠠᠷᠳᠠᠴᠠ ᠪᠣᠯᠭᠠᠵᠤ᠂ ᠡᠷᠡᠭᠦᠯ ᠮᠡᠨᠳᠦ ᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠪᠠ ᠵᠢᠯᠣᠭᠤᠳᠤᠨ | ᠦᠢᠯᠡᠴᠢᠯᠡᠬᠦ ᠠᠵᠢᠯ ᠢᠶᠠᠨ ᠰᠠᠶᠢᠲᠤᠷ ᠠᠳᠬᠤᠵᠤ᠂ ᠲᠤᠬᠠᠶ ᠶᠢᠨ ᠭᠠᠵᠠᠷ ᠤᠨ ᠣᠨᠴᠠᠯᠢᠭ ᠲᠠᠢ ᠡᠷᠡᠭᠦᠯ ᠮᠡᠨᠳᠦ ᠶᠢᠨ | ᠰᠣᠶᠣᠯ ᠤᠨ ᠬᠡᠪ ᠳᠠᠭᠤᠷᠢᠶᠠᠯ ᠤᠨ ᠠᠵᠤ ᠠᠬᠤᠶᠢᠯᠠᠯ ᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ᠠᠵᠢᠯ | ᠮᠡᠷᠭᠡᠵᠢᠯ ᠤᠨ ᠬᠥᠮᠦᠰ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ ᠡᠷᠡᠭᠦᠯ ᠮᠡᠨᠳᠦ ᠶᠢᠨ ᠬᠥᠮᠦᠵᠢᠯ ᠬᠢᠭᠡᠳ | ᠡᠷᠡᠭᠦᠯ ᠮᠡᠨᠳᠦ ᠶᠢ ᠠᠬᠢᠭᠤᠯᠬᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠡᠷᠡᠭᠦᠯ ᠮᠡᠨᠲᠤ ᠦᠬᠠᠶ᠂ ᠡᠷᠡᠭᠦᠯ ᠮᠡᠨᠲᠤ | ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ |