4 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠼᠦᠢ ᠵᠢᠩ ᠶᠢᠩ ᠲᠦᠬᠦᠭᠡᠷᠦᠮᠵᠢᠲᠦ ᠲᠠᠷᠢᠶᠠᠯᠠᠩ᠂ ᠦᠵᠦᠮ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ | ᠬᠤᠲᠠ ᠶᠢᠨ ᠤᠳᠤᠷᠢᠳᠤᠯᠭ᠎ᠠ ᠴᠡᠩᠭᠡᠯ᠂ ᠵᠠᠩ ᠮᠢᠩ ᠮᠢᠩ ᠣᠷᠣᠯᠴᠠᠪᠡ᠃ | ᠼᠦᠢ ᠵᠢᠩ ᠶᠢᠩ ᠨᠡᠷ ᠤᠷᠢᠳ ᠬᠤᠵᠢᠳ ᠬᠠᠶᠢᠨᠠᠨ ᠲᠣᠭᠤᠷᠢᠭ ᠤᠨ ᠷᠠᠰᠠᠩ ᠰᠦᠮ᠎ᠡ ᠪᠠᠯᠭᠠᠰᠤᠨ ᠤ | ᠰᠠᠶᠢᠬᠠᠬᠤᠰᠣ ᠲᠣᠰᠬᠤᠨ ᠤ ᠬᠠᠳᠤᠨ ᠭᠤᠣᠯ ᠤᠨ ᠲᠣᠰᠬᠤᠨ ᠤ ᠠᠷᠠᠳ ᠤᠨ ᠳᠤᠭᠤᠶᠢᠯᠠᠩ᠂ ᠰᠢᠨ ᠱᠤᠸᠠᠩ ᠹᠧᠩ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠵᠢᠢ ᠣᠣ ᠨᠢ ᠦᠵᠦᠮ ᠤᠨ ᠠᠷᠢᠬᠢᠨ ᠤ | ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠦᠵᠦᠮ ᠤᠨ ᠠᠵᠤ ᠦᠢᠯᠡᠰ ᠤᠨ ᠬᠡᠯᠬᠢᠶ᠎ᠡ ᠶᠢᠨ | ᠪᠦᠳᠦᠭᠡᠨ ᠪᠠᠶᠢᠭᠤᠯᠤᠯᠲᠠ᠂ ᠲᠦᠬᠦᠭᠡᠷᠦᠮᠵᠢᠲᠦ ᠢᠳᠡᠰᠢᠨ ᠨᠣᠭᠤᠭ᠎ᠠ ᠲᠠᠷᠢᠵᠤ ᠪᠣᠷᠣᠯᠠᠭᠤᠯᠤᠭᠰᠠᠨ ᠵᠡᠷᠭᠡ ᠪᠠᠶᠢᠳᠠᠯ ᠢ | ᠨᠢ ᠨᠠᠷᠢᠨ ᠣᠶᠢᠯᠠᠭᠠᠪᠠ᠃ ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ᠂ ᠬᠤᠷᠰᠢᠶ᠎ᠠ | ᠶᠢᠨ ᠲᠥᠯᠥᠭᠡᠯᠡᠭᠴᠢᠳ ᠦᠵᠦᠮ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ | ᠭᠦᠢᠴᠡᠳ ᠶᠠᠷᠢᠯᠴᠠᠵᠤ᠂ ᠼᠦᠢ ᠵᠢᠩ ᠶᠢᠩ ᠰᠣᠨᠣᠰᠬᠤ ᠶᠢᠨ ᠳᠠᠭᠠᠤ ᠲᠡᠮᠳᠡᠭᠯᠡᠵᠦ᠂ ᠪᠠᠶᠢᠨ ᠪᠠᠶᠢᠨ ᠬᠤᠷᠠᠯ ᠳᠤ | ᠣᠷᠣᠯᠴᠠᠭᠰᠠᠳ ᠲᠠᠢ ᠰᠠᠨᠠᠯ ᠢᠶᠠᠨ ᠰᠣᠯᠢᠯᠴᠠᠨ ᠶᠠᠷᠢᠯᠴᠠᠪᠠ᠃ | ᠼᠦᠢ ᠵᠢᠩ ᠶᠢᠩ ᠬᠡᠯᠡᠭᠰᠡᠨ ᠨᠢ᠂ ᠦᠵᠦᠮ ᠤᠨ ᠠᠵᠤ ᠦᠢᠯᠡᠰ ᠪᠣᠯ ᠮᠠᠨ ᠤ ᠬᠤᠳᠠ ᠶᠢᠨ ᠤᠨᠴᠠᠯᠢᠬᠳᠤ | ᠲᠠᠷᠢᠶᠠᠯᠠᠩ ᠢ ᠪᠠᠶᠢᠭᠤᠯᠬᠤ ᠶᠢᠨ ᠴᠢᠬᠤᠯᠠ ᠭᠠᠷᠳᠠᠴᠠ ᠮᠥᠨ᠃ ᠡᠯ᠎ᠡ ᠲᠣᠭᠤᠷᠢᠭ᠂ ᠡᠯ᠎ᠡ ᠬᠤᠯᠪᠤᠭᠳᠠᠯ ᠪᠦᠬᠦᠢ | ᠰᠠᠯᠠᠭ᠎ᠠ ᠮᠥᠴᠢᠷ ᠤᠨ ᠬᠢᠨ ᠬᠤᠲᠠ ᠶᠢᠨ ᠨᠠᠮ ᠤᠨ ᠬᠤᠷᠢᠶᠠᠨ ᠤ ︽ᠦᠵᠦᠮ ᠤᠨ ᠣᠨᠴᠠᠯᠢᠭᠲᠤ ᠠᠵᠤ ᠦᠢᠯᠡᠰ ᠢ | ᠭᠦᠨ ᠰᠦᠪᠡᠭᠴᠢᠯᠡᠬᠦ︾ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠲᠥᠷᠥ ᠶᠢᠨ ᠪᠣᠳᠣᠯᠭ᠎ᠠ ᠶᠢᠨ ᠪᠡᠯᠡ | ᠮᠥᠩᠭᠦ ᠶᠢᠨ ᠬᠠᠩᠭᠠᠯᠭ᠎ᠠ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠨᠡᠷᠡᠲᠦ ᠲᠥᠷᠥᠯ ᠲᠡᠮᠳᠡᠭᠲᠦ ᠶᠢᠨ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠤᠰᠤ ᠬᠡᠷᠡᠭᠯᠡᠬᠦ᠂ ᠭᠠᠵᠠᠷ ᠬᠡᠷᠡᠭᠯᠡᠬᠦ ᠵᠡᠷᠭᠡ ᠬᠦᠴᠦᠨ ᠵᠦᠢᠯ ᠤᠨ | ᠪᠠᠲᠤᠯᠠᠭ᠎ᠠ ᠪᠠᠨ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ | ᠲᠤᠯᠭᠠᠷᠠᠭᠰᠠᠨ ᠬᠦᠴᠢᠷ ᠠᠰᠠᠭᠤᠳᠠᠯ ᠢ ᠨᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠡᠯ᠎ᠡ | ᠠᠵᠤ ᠠᠬᠤᠶᠢᠯᠠᠯ᠂ ᠬᠤᠷᠰᠢᠶ᠎ᠠ ᠶᠢᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠴᠢᠨᠠᠷ ᠰᠠᠶᠢᠲᠠᠢ | ᠦᠵᠦᠮ ᠤᠨ ᠰᠢᠭᠦᠰᠦ᠂ ᠣᠷᠭᠠᠨᠢᠭ ᠦᠵᠦᠮ ᠬᠠᠲᠠᠭᠠᠬᠤ ᠵᠡᠷᠭᠡ ᠨᠠᠷᠢᠯᠢᠭ ᠡᠳ᠋ᠰᠢᠭᠦᠯᠬᠦ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠢᠳᠡᠪᠬᠢᠲᠡᠢ ᠰᠦᠪᠡᠭᠴᠢᠯᠡᠵᠦ᠂ | ᠠᠵᠤ ᠦᠢᠯᠡᠰ ᠤᠨ ᠬᠡᠯᠬᠢᠶ᠎ᠡ ᠪᠠᠨ ᠦᠷᠭᠦᠯᠵᠢᠯᠡᠨ ᠤᠷᠲᠤᠳᠬᠠᠵᠤ᠂ ᠬᠠᠩᠭᠠᠯᠭ᠎ᠠ ᠶᠢᠨ ᠬᠡᠯᠬᠢᠶ᠎ᠡ ᠪᠠᠨ | ᠰᠢᠯᠢᠳᠡᠭᠵᠢᠭᠦᠯᠵᠦ᠂ ᠦᠷᠳᠡᠭ ᠤᠨ ᠬᠡᠯᠬᠢᠶ᠎ᠡ ᠪᠠᠨ ᠳᠡᠭᠡᠭᠰᠢᠯᠡᠭᠦᠯᠵᠦ᠂ ︽ᠦᠬᠠᠢ ᠶᠢᠨ ᠦᠵᠦᠮ︾ ᠭᠡᠬᠦ ᠡᠨᠡᠬᠦ ᠠᠯᠳᠠᠨ | ᠦᠰᠦᠭᠲᠦ ᠫᠠᠶᠢᠰᠠ ᠶᠢ ᠤᠯᠠᠮ ᠠᠴᠠ ᠤᠯᠠᠮ ᠭᠡᠷᠡᠯᠲᠦᠭᠦᠯᠬᠦ ᠬᠡᠷᠡᠭᠲᠡᠢ ᠭᠡᠵᠡᠢ᠃ |