ᠵᠧᠦ ᠶᠢᠨ ᠰᠢᠩ ᠬᠤᠲᠠ ᠶᠢᠨ ᠴᠠᠭ ᠠᠭᠤᠷ ᠤᠨ ᠲᠣᠪᠴᠢᠶ᠎ᠠ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2025/4/17
     4 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠬᠤᠲᠠ ᠶᠢᠨ ᠴᠠᠭ ᠠᠭᠤᠷ ᠤᠨ ᠲᠣᠪᠴᠢᠶ᠎ᠠ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠴᠧᠩ ᠵᠥᠩ ᠵᠥᠩ᠂ ᠯᠢᠦ ᠴᠠᠩ ᠾᠦᠢ ᠣᠷᠣᠯᠴᠠᠪᠡ᠃      ᠬᠤᠲᠠ ᠶᠢᠨ ᠴᠠᠭ ᠠᠭᠤᠷ ᠤᠨ ᠲᠣᠪᠴᠢᠶ᠎ᠠ ᠳᠤ᠂ ᠵᠧᠤ ᠶᠢᠨ ᠰᠢᠩ ᠠᠵᠢᠭᠯᠠᠯᠲᠠ ᠶᠢᠨ ᠦᠷᠳᠡᠭᠡ᠂ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠲᠠᠪᠴᠠᠩ ᠤᠨ ᠪᠠᠶᠢᠭᠤᠯᠤᠯᠲᠠ ᠵᠡᠷᠭᠡ ᠪᠠᠶᠢᠳᠠᠯ ᠢ ᠨᠢ ᠨᠠᠷᠢᠨ ᠣᠶᠢᠯᠠᠭᠠᠵᠤ᠂ ᠳᠠᠷᠠᠭ᠎ᠠ ᠨᠢ ᠶᠠᠷᠢᠯᠴᠠᠬᠤ ᠬᠤᠷᠠᠯ ᠬᠤᠷᠠᠯᠳᠤᠭᠤᠯᠵᠤ᠂ ᠠᠵᠢᠯ ᠤᠨ ᠲᠠᠨᠢᠯᠴᠠᠭᠤᠯᠭ᠎ᠠ ᠶᠢ ᠨᠢ ᠰᠣᠨᠣᠰᠪᠠ᠃ ᠲᠡᠷᠡ ᠬᠡᠯᠡᠭᠰᠡᠨ ᠨᠢ᠂ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠬᠥᠭᠵᠢᠯᠲᠡ ᠶᠢ ᠠᠬᠢᠭᠤᠯᠬᠤ᠂ ᠠᠮᠤᠷ ᠲᠦᠪᠰᠢᠨ ᠢ ᠪᠠᠲᠤᠯᠠᠬᠤ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠠᠵᠢᠯ ᠢᠶᠠᠨ ᠨᠡᠩ ᠰᠠᠶᠢᠲᠤᠷ ᠬᠢᠵᠦ᠂ ᠥᠨᠳᠥᠷ ᠲᠦᠪᠰᠢᠨ ᠪᠦᠬᠦᠢ ᠴᠠᠭ ᠠᠭᠤᠷ ᠤᠨ ᠦᠢᠯᠡᠴᠢᠯᠡᠭᠡ ᠪᠠᠷ ᠬᠤᠳᠠ ᠶᠢᠨ ᠠᠵᠢᠯᠯᠠᠭᠠᠨ ᠤ ᠠᠮᠤᠷ ᠲᠦᠪᠰᠢᠨ᠂ ᠠᠵᠤ ᠦᠢᠯᠡᠰ ᠤᠨ ᠬᠥᠭᠵᠢᠯᠲᠡ ᠶᠢᠨ ᠠᠮᠤᠷ ᠲᠦᠪᠰᠢᠨ ᠪᠣᠯᠤᠨ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠴᠠᠭ ᠠᠭᠤᠷ ᠢ ᠤᠷᠢᠳᠴᠢᠯᠠᠨ ᠬᠡᠮᠵᠢᠬᠦ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ ᠤ ᠬᠤᠲᠠ ᠶᠢᠨ ᠴᠠᠭ ᠠᠭᠤᠷ ᠤᠨ ᠣᠨᠴᠠᠯᠢᠭ ᠪᠠ ᠵᠢᠮ᠎ᠡ ᠶᠣᠰᠣ ᠶᠢ ᠭᠦᠨᠵᠡᠭᠡᠶ ᠰᠤᠳᠤᠯᠵᠤ᠂ ᠠᠵᠢᠭᠯᠠᠨ ᠬᠡᠮᠵᠢᠬᠦ ᠲᠥᠬᠦᠭᠡᠷᠦᠮᠵᠢ ᠪᠠᠨ ᠵᠦᠶ ᠵᠣᠬᠢᠰᠲᠠᠶ ᠪᠠᠶᠢᠷᠢᠯᠠᠭᠤᠯᠤᠨ᠂ ᠡᠷᠬᠢᠨ ᠲᠣᠭᠤᠷᠢᠨ ᠤ ᠣᠷᠣᠨ ᠪᠦᠰᠡ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠴᠠᠭ ᠠᠭᠤᠷ ᠢ ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ ᠪᠠ ᠴᠠᠭ ᠲᠤᠬᠠᠶᠢᠳᠤ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ︽ᠲᠠᠪᠤᠨ ᠣᠷᠣᠨ ᠨᠢᠭᠡ ᠭᠤᠣᠯ︾ ᠵᠡᠷᠭᠡ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢᠨ ᠴᠠᠭ ᠠᠭᠤᠷ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠠᠨ ᠴᠢᠩᠭᠠᠳᠬᠠᠵᠤ᠂ ᠨᠠᠷᠢᠯᠢᠬᠵᠢᠭᠤᠯᠤᠭᠰᠠᠨ ᠴᠠᠭ ᠠᠭᠤᠷ ᠤᠨ ᠦᠢᠯᠡᠴᠢᠯᠡᠭᠡ ᠬᠠᠩᠭᠠᠬᠤ ᠬᠡᠷᠡᠭᠲᠡᠢ᠃ ᠣᠨᠴᠠᠭᠠᠶ ᠴᠠᠭ ᠠᠭᠤᠷ ᠢ ᠠᠷᠭᠠᠴᠠᠭᠠᠬᠤ ᠠᠵᠢᠯ ᠢᠶᠠᠨ ᠰᠠᠶᠢᠲᠤᠷ ᠬᠢᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠳᠤᠷᠢᠳᠤᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠭᠤᠤᠯᠳᠠᠯᠭ᠎ᠠ ᠲᠠᠢ ᠰᠠᠯᠠᠭ᠎ᠠ ᠮᠥᠴᠢᠷ ᠯᠦᠭᠡ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠶᠢ ᠳᠠᠭᠠᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠬᠠᠮᠲᠤ ᠪᠠᠷ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠡᠷᠭᠡᠶᠢᠯᠡᠨ ᠠᠷᠭᠠᠴᠠᠭᠠᠬᠤ ᠠᠷᠭ᠎ᠠ ᠬᠡᠮᠵᠢᠶ᠎ᠡ ᠲᠣᠭᠲᠠᠭᠠᠵᠤ᠂ ᠬᠦᠴᠦ ᠪᠠᠨ ᠬᠠᠮᠲᠤᠳᠬᠠᠨ ᠭᠠᠮᠰᠢᠭ ᠢ ᠰᠡᠷᠭᠡᠶᠢᠯᠡᠵᠦ᠂ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠶ᠃ ᠴᠠᠭ ᠠᠭᠤᠷ ᠤᠨ ᠲᠤᠰᠬᠠᠶᠢᠵᠢᠭᠰᠠᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ᠂ ᠦᠬᠠᠢ ᠶᠢᠨ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠳᠤ ᠨᠡᠩ ᠰᠠᠶᠢᠨ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号