4 ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ | ᠬᠤᠲᠠ ᠪᠠᠨ ᠵᠠᠰᠠᠬᠤ ᠬᠤᠷᠢᠶᠠᠨ ᠤ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ | ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ | ᠬᠤᠷᠢᠶᠠᠨ ᠤ ᠱᠦᠵᠢ ᠵᠧᠦ ᠶᠢᠨ ᠰᠢᠩ ᠬᠤᠷᠠᠯ ᠡᠷᠭᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠨᠡᠶᠢᠰᠯᠡᠯ ᠤᠨ ᠠᠯᠪᠠᠨ | ᠵᠢᠷᠤᠮ ᠤᠨ ᠮᠣᠳᠣ ᠵᠠᠶᠢᠯᠠᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ | ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠬᠤ᠂ ᠰᠢᠨᠵᠢᠯᠡᠬᠦ | ᠤᠬᠠᠭᠠᠨᠴᠢ ᠪᠠᠷ ᠨᠣᠭᠤᠭᠠᠷᠠᠭᠤᠯᠬᠤ ᠶᠢ ᠪᠠᠷᠢᠮᠲᠠᠯᠠᠵᠤ᠂ ᠤᠢ ᠰᠢᠭᠤᠢ ᠡᠪᠡᠰᠦ ᠪᠡᠯᠴᠢᠭᠡᠷ ᠢ ᠡᠪᠳᠡᠵᠦ ᠬᠠᠤᠯᠢ | ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠬᠢᠯᠪᠡᠷ | ᠪᠤᠰᠤ ᠪᠠᠷ ᠣᠯᠤᠭᠰᠠᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠬᠦ | ᠬᠡᠷᠡᠭᠲᠡᠢ᠃ ︽ᠦᠨᠡᠨ︾ ᠰᠡᠳᠬᠦᠯ ᠤᠨ ᠨᠡᠶᠢᠲᠡᠯᠡᠭᠰᠡᠨ ᠰᠢ ᠶᠢᠨ ᠫᠢᠩ ᠶᠡᠷᠦᠩᠬᠡᠶ ᠱᠦᠵᠢ ︽ᠰᠣᠶᠣᠯ ᠤᠨ ᠬᠦᠴᠦᠷᠬᠡᠭ | ᠤᠯᠤᠰ ᠢ ᠲᠦᠷᠭᠡᠳᠭᠡᠨ ᠪᠥᠲᠥᠭᠡᠨ ᠪᠠᠶᠢᠭᠤᠯᠬᠤ ᠬᠡᠷᠡᠭᠳᠡᠢ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠰᠠᠶᠢᠲᠤᠷ ᠠᠳᠬᠤᠵᠤ᠂ ᠰᠣᠶᠣᠯ ᠤᠨ ᠦᠢᠯᠡᠴᠢᠯᠡᠭᠡ ᠪᠠ ᠰᠣᠶᠣᠯ ᠤᠨ ᠪᠦᠲᠦᠭᠡᠭᠳᠡᠬᠦᠨ ᠤ | ᠬᠠᠩᠭᠠᠯᠭ᠎ᠠ ᠶᠢᠨ ᠴᠢᠳᠠᠪᠤᠷᠢ ᠪᠠᠨ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠢᠳᠡᠪᠬᠢᠲᠡᠶ ᠪᠤᠶᠢᠵᠢᠭᠤᠯᠵᠤ᠂ ᠬᠤᠲᠠ ᠶᠢᠨ ᠢᠷᠠᠭᠤ ᠠᠯᠳᠠᠷ ᠤᠨ ᠬᠡᠮᠵᠢᠶ᠎ᠡ᠂ ᠨᠥᠯᠥᠭᠡᠯᠡᠬᠦ ᠬᠦᠴᠦᠨ ᠢ | ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠡᠢ᠃ | ᠬᠤᠷᠠᠯ ᠠᠴᠠ ᠪᠦᠬᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠬᠤᠷᠢᠳᠤᠭᠠᠷ | ᠬᠤᠭᠤᠴᠠᠭᠠᠨ ᠤ ᠲᠥᠪ ᠤᠨ ᠲᠣᠭᠤᠷᠢᠨ ᠪᠠᠶᠢᠴᠠᠭᠠᠬᠤ ᠮᠤᠵᠢ ︵ᠣᠷᠣᠨ᠂ ᠬᠤᠳᠠ︶ ᠶᠢᠨ ᠲᠠᠶᠢᠴᠢᠯᠠᠯᠳᠠ | ᠪᠠᠶᠢᠷᠢᠯᠠᠭᠤᠯᠤᠯᠲᠠ ᠶᠢᠨ ᠬᠤᠷᠠᠯ ᠪᠣᠯᠤᠨ ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠲᠣᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠶᠢᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ | ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠷ ᠲᠥᠪ ᠤᠨ ᠲᠣᠭᠤᠷᠢᠨ ᠪᠠᠶᠢᠴᠠᠭᠠᠯᠲᠠ ᠳᠤ | ᠬᠠᠨᠳᠤᠵᠤ᠂ ᠬᠤᠯᠪᠣᠭᠠᠯᠠᠨ ᠬᠠᠮᠵᠢᠯᠴᠠᠬᠤ ᠪᠠᠨ ᠴᠢᠩᠭᠠᠳᠬᠠᠵᠤ᠂ ᠵᠣᠯᠭᠠᠭᠤᠯᠬᠤ ᠦᠢᠯᠡᠴᠢᠯᠡᠭᠡ ᠪᠠᠲᠤᠯᠠᠭ᠎ᠠ ᠶᠢᠨ ᠠᠵᠢᠯ | ᠢᠶᠠᠨ ᠥᠨᠳᠥᠷ ᠪᠦᠲᠦᠮᠵᠢᠲᠡᠢ ᠰᠠᠶᠢᠲᠤᠷ ᠬᠢᠵᠦ᠂ ᠲᠣᠭᠤᠷᠢᠨ ᠪᠠᠶᠢᠴᠠᠭᠠᠯᠲᠠ ᠳᠤ ᠵᠢᠭᠠᠵᠤ ᠭᠠᠷᠭᠠᠭᠰᠠᠨ ᠡᠯ᠎ᠡ | ᠲᠦᠷᠦᠯ ᠤᠨ ᠠᠰᠠᠭᠤᠳᠠᠯ ᠢ ᠲᠡᠷᠡ ᠳᠠᠷᠤᠢ ᠳᠤᠨᠢ ᠦᠢᠯᠡᠳᠦᠯᠭᠡᠵᠢᠬᠦᠯᠵᠦ ᠲᠡᠷᠡ ᠳᠠᠷᠤᠢ ᠳᠤᠨᠢ ᠰᠠᠶᠢᠵᠢᠷᠠᠭᠤᠯᠵᠤ᠂ | ᠦᠨᠡᠨ ᠬᠦ ᠰᠠᠶᠢᠵᠢᠷᠠᠭᠤᠯᠵᠤ ᠪᠣᠳᠠᠲᠠᠢ ᠰᠠᠶᠢᠵᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ | ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ ᠬᠠᠶᠢᠷᠤᠪ ᠤᠨ ᠲᠤᠬᠤᠢ ᠲᠣᠭᠤᠷᠢᠭ᠂ ᠬᠤᠳᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠤᠪᠴᠢᠶ᠎ᠠ᠂ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠤᠪᠴᠢᠶᠠᠨ ᠤ ᠬᠠᠤᠯᠢᠵᠢᠯ ᠤᠨ | ᠪᠦᠳᠦᠭᠡᠨ ᠪᠠᠶᠢᠭᠤᠯᠤᠯᠳᠠ ᠶᠢᠨ ᠲᠤᠬᠠᠢ ᠬᠠᠷᠢᠭᠤ ᠮᠡᠳᠡᠬᠦᠯᠦᠯᠳᠡ ᠶᠢ ᠰᠣᠨᠣᠰᠤᠭᠰᠠᠨ ᠪᠥᠭᠡᠳ ᠬᠠᠤᠯᠢ ᠲᠣᠭᠲᠠᠭᠠᠬᠤ᠂ | ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠲᠦᠭᠡᠮᠡᠯᠵᠢᠭᠦᠯᠬᠦ ᠵᠡᠷᠭᠡ ᠠᠵᠢᠯ ᠳᠤ ᠲᠤᠬᠢᠷᠠᠭᠤᠯᠤᠯᠳᠠ | ᠪᠠᠶᠢᠷᠢᠯᠠᠭᠤᠯᠤᠯᠲᠠ ᠬᠢᠪᠡ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠣᠳᠣᠯᠪᠠ᠃ |