ᠬᠠᠶᠢᠷᠤᠪ ᠤᠨ ᠲᠤᠬᠤᠢ ᠲᠣᠭᠤᠷᠢᠭ ᠪᠦᠬᠦ ᠠᠷᠠᠳ ᠤᠨ ᠨᠤᠮ ᠤᠩᠰᠢᠯᠭ᠎ᠠ ᠶᠢᠨ ᠤᠯᠠᠷᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/21
     4 ᠰᠠᠷ᠎ᠠ ᠶᠢᠨ 19 ᠤ ᠡᠳᠦᠷ᠂ 2025 ᠣᠨ ᠤ ᠬᠠᠶᠢᠷᠤᠪ ᠤᠨ ᠲᠣᠬᠤᠶ ᠲᠣᠭᠤᠷᠢᠭ ᠤᠨ ︽4· 23 ᠤ ᠳᠡᠯᠡᠬᠡᠶ ᠶᠢᠨ ᠨᠣᠮ ᠤᠩᠰᠢᠬᠤ ᠡᠳᠦᠷ︾ ᠵᠢᠴᠢ ᠪᠥᠬᠦ ᠠᠷᠠᠳ ᠤᠨ ᠨᠤᠮ ᠤᠩᠰᠢᠯᠭ᠎ᠠ ᠶᠢᠨ ᠤᠯᠠᠷᠢᠯ ᠤᠨ ᠠᠵᠢᠯᠯᠠᠭ᠎ᠠ ᠬᠤᠲᠠ ᠶᠢᠨ ᠠᠷᠠᠳ ᠤᠨ ᠴᠡᠴᠡᠷᠯᠢᠭ ᠲᠤ ᠡᠬᠢᠯᠡᠵᠦ᠂ ᠠᠵᠢᠯᠯᠠᠭ᠎ᠠ ᠶᠢᠨ ᠵᠣᠷᠢᠯᠭ᠎ᠠ ᠨᠢ ︽ᠵᠠᠰᠠᠭ ᠤᠨ ᠣᠷᠳᠣᠨ ᠲᠠᠪᠴᠠᠩ ᠪᠠᠶᠢᠭᠤᠯᠬᠤ᠂ ᠠᠵᠤ ᠠᠬᠤᠶᠢᠯᠠᠯ ᠬᠦᠴᠦᠨ ᠨᠡᠮᠡᠷᠢᠯᠡᠬᠦ᠂ ᠣᠯᠠᠨ ᠲᠦᠮᠡᠨ ᠠᠰᠢᠭ ᠭᠥᠷᠳᠡᠬᠦ︾ ᠵᠠᠭᠪᠤᠷ ᠢᠶᠠᠷ ᠳᠠᠮᠵᠢᠭᠤᠯᠤᠨ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠣᠶᠣᠯ ᠤᠨ ᠬᠡᠷᠡᠭᠯᠡᠭᠡ ᠶᠢ ᠠᠬᠢᠭᠤᠯᠬᠤ ᠶᠢᠨ ᠲᠥᠯᠥᠭᠡ ᠶᠤᠮ᠃      ᠠᠵᠢᠯᠯᠠᠭ᠎ᠠ ᠨᠢ ︽ᠤᠮᠠᠷᠠᠲᠤ ᠬᠢᠯᠢ ᠳᠠᠬᠢ ᠨᠤᠮ ᠣᠩᠰᠢᠯᠭ᠎ᠠ· ᠪᠢᠴᠢᠭ ᠤᠨ ᠦᠨᠦᠷᠲᠤ ᠬᠠᠶᠢᠷᠤᠪ ᠤᠨ ᠲᠤᠬᠤᠢ︾ ᠭᠡᠬᠦ ᠪᠠᠷ ᠭᠤᠣᠯ ᠰᠡᠳᠦᠪ ᠪᠣᠯᠭᠠᠵᠤ᠂ ᠤᠷᠠᠨ ᠰᠠᠶᠢᠬᠠᠨ ᠤ ᠦᠵᠡᠭᠦᠯᠭᠡ ᠶᠢᠨ ᠲᠣᠭᠯᠠᠯᠲᠠ᠂ ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ᠂ ᠠᠷᠠᠳ ᠲᠤ ᠠᠰᠢᠭ ᠬᠦᠷᠲᠡᠭᠡᠬᠦ ᠨᠣᠮ ᠤᠨ ᠦᠵᠡᠭᠦᠯᠦᠯᠭᠡ ᠵᠡᠷᠭᠡ ᠪᠠᠶᠠᠯᠢᠭ ᠰᠠᠶᠢᠬᠠᠨ ᠬᠡᠯᠪᠡᠷᠢ ᠪᠠᠷ ᠳᠠᠮᠵᠢᠭᠤᠯᠵᠤ᠂ ᠪᠦᠬᠦ ᠠᠷᠠᠳ ᠤᠨ ᠨᠤᠮ ᠤᠩᠰᠢᠯᠭ᠎ᠠ ᠶᠢ ᠭᠦᠨᠵᠡᠭᠡᠢ ᠥᠷᠨᠢᠭᠦᠯᠬᠦ ᠶᠢ ᠠᠬᠢᠭᠤᠯᠪᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠣᠯᠠᠨ ᠪᠡᠶᠡᠴᠢᠯᠡᠨ ᠣᠶᠢᠯᠠᠭᠠᠬᠤ ᠲᠣᠭᠤᠷᠢᠭ ᠲᠤᠬᠢᠷᠠᠭᠤᠯᠪᠠ᠃ ︽ᠪᠡᠭᠡ ᠶᠢᠨ ᠦᠨᠦᠷ ᠤᠶᠠᠬᠠᠨ ᠡᠭᠡᠰᠢᠭ︾ ᠨᠣᠮ ᠤᠨ ᠱᠣᠰᠢᠭ᠎ᠠ ᠡᠭᠦᠳᠦᠨ ᠪᠦᠲᠦᠭᠡᠬᠦ ᠲᠣᠭᠤᠷᠢᠭ ᠲᠤ᠂ ᠤᠷᠠᠨ ᠪᠢᠴᠢᠯᠭᠡ ᠶᠢᠨ ᠪᠠᠭ᠋ᠠᠲᠠᠳ ᠲᠤᠬᠠᠢ ᠶᠢᠨ ᠲᠠᠯᠠᠪᠠᠢ ᠳᠤ ᠣᠷᠠᠨ ᠪᠢᠴᠢᠯᠭᠡ ᠶᠢᠨ ᠠᠪᠢᠶᠠᠰ ᠢᠶᠠᠨ ᠢᠯᠡᠷᠡᠭᠦᠯᠪᠡ︔ ᠪᠣᠳᠠᠰ ᠤᠨ ᠪᠤᠰᠤ ᠰᠣᠶᠣᠯ ᠤᠨ ᠥᠪ ᠤᠨ ᠦᠵᠡᠬᠦᠯᠦᠯᠭᠡ ᠶᠢᠨ ᠲᠣᠭᠤᠷᠢᠭ ᠲᠤ᠂ ᠰᠢᠬᠢᠷ ᠬᠡᠦᠭᠡᠯᠳᠡᠢ ᠵᠡᠷᠭᠡ ᠤᠯᠠᠮᠵᠢᠯᠠᠯᠲᠤ ᠤᠷ᠎ᠠ ᠮᠡᠷᠭᠡᠵᠢᠯ ᠨᠢ ᠮᠠᠰᠢ ᠤᠯᠠᠨ ᠬᠤᠳᠠ ᠶᠢᠨ ᠠᠷᠠᠳ ᠤᠨ ᠪᠠᠭ᠋ᠠᠷᠣᠯ ᠢ ᠲᠠᠲᠠᠪᠠ︔ ᠰᠣᠳᠣᠨ ᠨᠣᠮ ᠪᠢᠴᠢᠭ ᠤᠨ ᠦᠵᠡᠭᠦᠯᠦᠯᠭᠡ ᠶᠢᠨ ᠲᠣᠭᠤᠷᠢᠭ ᠲᠤ᠂ ᠮᠤᠤ ᠳ᠋ᠦᠨ ᠤᠳᠬ᠎ᠠ ᠵᠣᠬᠢᠶᠠᠯ ᠤᠨ ᠱᠠᠩᠨᠠᠯ ᠬᠦᠷᠳᠡᠭᠰᠡᠨ ᠪᠦᠲᠦᠭᠡᠯ ᠵᠡᠷᠭᠡ ᠰᠢᠯᠢᠳᠡᠭ ᠨᠣᠮ ᠪᠢᠴᠢᠭ ᠢ ᠲᠥᠪᠯᠡᠷᠡᠭᠦᠯᠦᠨ ᠳᠡᠯᠭᠡᠨ ᠦᠵᠡᠭᠦᠯᠪᠡ᠃ ᠰᠢᠨᠬᠤᠸᠠ ᠨᠣᠮ ᠤᠨ ᠳᠡᠯᠭᠡᠭᠦᠷ ᠵᠡᠷᠭᠡ 6 ᠨᠣᠮ ᠤᠨ ᠳᠡᠯᠭᠡᠭᠦᠷ ᠤᠨ ᠬᠠᠮᠲᠤᠷᠠᠨ ᠭᠠᠷᠭᠠᠭᠰᠠᠨ ᠠᠷᠠᠳ ᠲᠤ ᠠᠰᠢᠭ ᠬᠦᠷᠲᠡᠭᠡᠬᠦ ᠨᠣᠮ ᠤᠨ ᠦᠵᠡᠭᠦᠯᠦᠯᠭᠡ ᠨᠢ ᠬᠤᠲᠠ ᠶᠢᠨ ᠠᠷᠠᠳ ᠤᠨ ᠬᠦᠷᠢᠶᠡᠯᠡᠯ ᠢ ᠣᠯᠵᠤ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠬᠡᠦᠬᠡᠳ ᠤᠨ ᠦᠩᠭᠡᠯᠡᠵᠦ ᠪᠤᠲᠤᠭᠯᠠᠬᠤ ᠲᠣᠭᠤᠷᠢᠭ᠂ ᠰᠦᠯᠵᠢᠶᠡᠨ ᠤ ᠣᠳᠣᠳ ᠤᠨ ᠵᠢᠷᠤᠭ ᠲᠦᠷᠰᠦ ᠠᠪᠬᠤ ᠭᠠᠵᠠᠷ ᠵᠡᠷᠭᠡ ᠬᠠᠷᠢᠯᠴᠠᠨ ᠬᠥᠳᠡᠯᠦᠯᠴᠡᠬᠦ ᠣᠷᠣᠨ ᠪᠦᠰᠡ ᠲᠤᠬᠢᠷᠠᠭᠤᠯᠪᠠ᠃      ᠲᠣᠰ ᠤᠳᠠᠭᠠᠨ ᠤ ᠪᠥᠬᠦ ᠠᠷᠠᠳ ᠤᠨ ᠨᠣᠮ ᠤᠩᠰᠢᠯᠭ᠎ᠠ ᠶᠢᠨ ᠤᠯᠠᠷᠢᠯ ᠤᠨ ᠠᠵᠢᠯᠯᠠᠭ᠎ᠠ ᠨᠢ 7 ᠰᠠᠷ᠎ᠠ ᠪᠣᠯᠲᠠᠯ᠎ᠠ ᠦᠷᠭᠦᠯᠵᠢᠯᠡᠵᠦ᠂ ᠡᠨᠡᠬᠦ ᠬᠤᠭᠤᠴᠠᠭᠠᠨ ᠳᠤ ᠲᠠᠶᠢᠯᠤᠮᠵᠢ᠂ ᠨᠣᠮ ᠣᠩᠰᠢᠯᠭ᠎ᠠ ᠶᠢᠨ ᠨᠠᠶᠢᠷ᠂ ᠨᠡᠬᠦᠳᠡᠯ ᠨᠣᠮ ᠤᠨ ᠥᠷᠥᠭᠡ ᠵᠡᠷᠭᠡ ᠬᠡᠳᠦᠨ ᠠᠷᠪᠠᠨ ᠲᠠᠯᠠᠪᠤᠷ ᠠᠵᠢᠯᠯᠠᠭ᠎ᠠ ᠥᠷᠨᠢᠭᠦᠯᠬᠦ ᠪᠣᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号