ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠬᠤ ᠵᠠᠷᠴᠢᠮ ᠢ | ᠪᠠᠷᠢᠮᠲᠠᠯᠠᠵᠤ᠂ ᠣᠯᠠᠨ ᠠᠷᠭ᠎ᠠ ᠵᠠᠮ ᠢᠶᠠᠷ ᠬᠡᠷ ᠪᠠᠶᠢᠰᠢᠩ ᠤᠨ ᠢᠷᠡᠯᠲᠡ ᠶᠢ ᠴᠤᠭᠯᠠᠭᠤᠯᠵᠤ᠂ ᠪᠠᠲᠤᠯᠠᠭ᠎ᠠ ᠶᠢᠨ ᠴᠢᠨᠠᠷᠲᠠᠶ | ᠲᠦᠷᠢᠶᠡᠰᠦᠨ ᠣᠷᠣᠨ ᠰᠠᠭᠤᠴᠠ ᠶᠢᠨ ᠬᠠᠩᠭᠠᠯᠭ᠎ᠠ ᠶᠢ ᠦᠷᠭᠦᠯᠵᠢᠯᠡᠨ ᠨᠡᠮᠡᠭᠳᠡᠭᠦᠯᠪᠡ᠃ | ᠡᠨᠡ ᠵᠢᠯ᠂ ᠪᠥᠬᠦ ᠬᠤᠲᠠ ᠶᠢᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠠᠶᠢᠭᠤᠯᠵᠤ | ᠪᠠᠶᠢᠭ᠎ᠠ ᠲᠥᠷᠥᠯ ᠵᠦᠢᠯ 2᠂ 215 ᠢᠵᠢ ᠪᠤᠢ᠂ ᠡᠭᠦᠨ ᠳᠤ ᠬᠤᠲᠠ ᠶᠢᠨ ᠰᠤᠷᠭᠠᠨ ᠬᠥᠮᠦᠵᠢᠯ ᠤᠨ ᠲᠤᠪᠴᠢᠶᠠᠨ ᠤ | ᠴᠤᠭᠯᠠᠭᠤᠯᠵᠤ ᠪᠥᠲᠥᠭᠡᠨ ᠪᠠᠶᠢᠭᠤᠯᠵᠤ ᠪᠠᠶᠢᠭ᠎ᠠ ᠲᠥᠷᠥᠯ ᠵᠦᠢᠯ1᠂ 149 ᠢᠵᠢ᠂ ᠬᠠᠶᠢᠨᠠᠨ ᠲᠣᠭᠤᠷᠢᠭ ᠤᠨ | ᠴᠤᠭᠯᠠᠭᠤᠯᠵᠤ ᠪᠥᠲᠥᠭᠡᠨ ᠪᠠᠶᠢᠭᠤᠯᠵᠤ ᠪᠠᠶᠢᠭ᠎ᠠ ᠲᠥᠷᠥᠯ ᠵᠦᠢᠯ 1᠂ 66 ᠢᠵᠢ᠂ 3 ᠰᠠᠷ᠎ᠠ ᠶᠢᠨ ᠳᠤᠮᠳᠠᠴᠢ ᠪᠠᠷ | ᠪᠦᠬᠦᠨ ᠢᠶᠠᠷ ᠢᠶᠠᠨ ᠠᠵᠢᠯ ᠢᠶᠠᠨ ᠰᠡᠷᠭᠦᠭᠡᠵᠦ᠂ ᠠᠵᠢᠯ ᠢᠶᠠᠨ ᠰᠡᠷᠭᠦᠭᠡᠭᠰᠡᠨ ᠨᠣᠷᠮ᠎ᠠ ᠨᠢ 100% ᠳᠤ ᠬᠥᠷᠪᠡ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠥᠲᠥᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠠᠬᠢᠴᠠ ᠶᠢ ᠴᠢᠩᠭ᠎ᠠ ᠠᠩᠬᠠᠷᠴᠤ᠂ ᠬᠠᠷᠠᠯᠳᠠᠲᠤ ᠪᠠᠷᠢᠯᠭ᠎ᠠ ᠶᠢᠨ ᠬᠤᠭᠤᠴᠠᠭ᠎ᠠ ᠶᠢ ᠴᠢᠩᠭ᠎ᠠ ᠵᠢᠷᠤᠮᠯᠠᠨ᠂ ᠠᠵᠢᠯ ᠤᠨ | ᠲᠣᠬᠢᠷᠠᠭᠤᠯᠤᠯᠲᠠ ᠪᠠᠨ ᠴᠢᠩᠭᠠᠳᠬᠠᠵᠤ᠂ ᠦᠢᠯᠡᠴᠢᠯᠡᠭᠡᠨ ᠤ ᠵᠣᠬᠢᠴᠠᠭᠤᠯᠭ᠎ᠠ ᠪᠠᠨ ᠴᠢᠩᠭᠠᠷᠠᠭᠤᠯᠤᠨ᠂ ᠪᠠᠲᠤᠯᠠᠭ᠎ᠠ ᠶᠢᠨ | ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠢᠨᠠᠷ ᠰᠠᠶᠢᠲᠠᠶ | ᠲᠣᠭᠲᠠᠭᠰᠠᠨ ᠬᠤᠭᠤᠴᠠᠭᠠᠨ ᠳᠤ ᠪᠡᠶᠡᠯᠡᠬᠦᠯᠬᠦ ᠶᠢ ᠦᠨᠡᠨ ᠬᠦ ᠪᠠᠲᠤᠯᠠᠨ᠎ᠠ᠃ |