ᠵᠢᠷᠣᠭᠲᠤ ᠲᠠᠶᠢᠯᠤᠮᠵᠢ᠄ ᠤᠯᠤᠰ ᠤᠨ ᠨᠥᠬᠦᠪᠦᠷᠢ ᠨᠦᠭᠦᠳ ᠢ ᠲᠠ ᠭᠤᠶᠤᠴᠢᠯᠠᠭᠰᠠᠨ ᠦᠦ︖
ᠨᠡᠶᠢᠲᠡᠯᠡᠭᠰᠡᠨ ᠴᠠᠭ᠄
2025/4/21
     ᠡᠨᠡ ᠵᠢᠯ ᠠᠴᠠ ᠨᠠᠭᠠᠰᠢ᠂ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠪᠡᠯᠡ ᠮᠥᠩᠭᠦ ᠶᠢ 3000 ᠳ᠋ᠦᠩᠰᠢᠭᠤᠷ ᠲᠥᠭᠦᠷᠢᠭ ᠪᠣᠯᠲᠠᠯ᠎ᠠ ᠶᠡᠭᠡ ᠪᠠᠷ ᠨᠡᠮᠡᠭᠳᠡᠭᠦᠯᠵᠦ᠂ ᠵᠦᠢᠯᠡᠰ ᠵᠢᠴᠢ ᠨᠦᠬᠦᠪᠦᠷᠢᠯᠡᠬᠦ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠬᠦ ᠶᠢ ᠳᠡᠮᠵᠢᠪᠡ᠃      ᠭᠡᠷ ᠤᠨ ᠴᠠᠬᠢᠯᠭᠠᠨ ᠬᠡᠷᠡᠭᠰᠡᠯ ᠳ᠋ᠢᠭᠢᠲ ᠦᠢᠯᠡᠳᠬᠦᠨ ᠪᠦᠷᠢ ᠳᠤ ᠬᠠᠮᠤᠭ ᠶᠡᠭᠡ ᠳᠤ ᠪᠠᠨ 2000 ᠲᠥᠭᠦᠷᠢᠭ ᠨᠦᠬᠦᠪᠦᠷᠢᠯᠡᠵᠦ᠂ ᠭᠠᠷ ᠤᠲᠠᠰᠤᠨ ᠤ ᠳ᠋ᠢᠭᠢᠲ ᠦᠢᠯᠡᠳᠬᠦᠨ ᠪᠦᠷᠢ ᠳᠤ ᠬᠠᠮᠤᠭ ᠶᠡᠭᠡ ᠳᠤ ᠪᠠᠨ 500 ᠲᠥᠭᠦᠷᠢᠭ ᠨᠦᠬᠦᠪᠦᠷᠢᠯᠡᠨ᠂ ᠬᠠᠭᠤᠴᠢᠨ ᠮᠠᠰᠢᠨ ᠲᠡᠷᠭᠡ ᠪᠠᠨ ᠬᠤᠳᠠᠯᠳᠤᠵᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ ᠮᠠᠰᠢᠨ ᠲᠡᠷᠭᠡ ᠪᠦᠷᠢ ᠳᠤ ᠬᠠᠮᠤᠭ ᠶᠡᠭᠡ ᠳᠤ ᠪᠠᠨ 1.5 ᠲᠦᠮᠡᠨ ᠲᠥᠭᠦᠷᠢᠭ ᠨᠦᠬᠦᠪᠦᠷᠢᠯᠡᠨ᠎ᠡ︕      ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠪᠠᠰᠠ ᠨᠥᠬᠦᠪᠦᠷᠢ ᠲᠠᠢ︕      ᠣᠳᠣ ᠪᠠᠷ ᠢᠶᠠᠨ ᠰᠢᠨ᠎ᠡ ᠶᠢ ᠰᠣᠯᠢᠪᠠᠯ ᠮᠠᠰᠢ ᠶᠡᠭᠡ ᠬᠠᠷᠠᠭᠠᠯᠵᠠᠯ ᠬᠦᠷᠲᠡᠨ᠎ᠡ︕      ᠭᠠᠷ ᠤᠲᠠᠰᠤ ᠬᠠᠪᠲᠠᠭᠠᠢ ᠺᠣᠮᠫᠢᠦ᠋ᠲ᠋ᠧᠷ ᠵᠡᠷᠭᠡ ᠳ᠋ᠢᠭᠢᠲ ᠦᠢᠯᠡᠳᠬᠦᠨ᠂ ᠭᠡᠷ ᠤᠨ ᠴᠠᠬᠢᠯᠭᠠᠨ ᠬᠡᠷᠡᠭᠰᠡᠯ ᠢ ᠰᠢᠨ᠎ᠡ ᠪᠠᠷ ᠰᠣᠯᠢᠪᠠᠯ ᠳᠠᠷᠠᠭᠠᠴᠢ ᠶᠢᠨ ᠵᠦᠢᠯᠡᠰ ᠢ ᠠᠩᠬᠠᠷᠤᠭᠠᠷᠠᠢ      ᠭᠠᠷ ᠤᠲᠠᠰᠤ ᠵᠡᠷᠭᠡ ᠳ᠋ᠢᠭᠢᠲ ᠦᠢᠯᠡᠳᠬᠦᠨ ᠤ ᠰᠢᠨ᠎ᠡ ᠶᠢ ᠬᠤᠳᠠᠯᠳᠤᠨ ᠠᠪᠬᠤ ᠵᠢᠴᠢ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠬᠤᠷᠢᠶᠠᠩᠭᠤᠢ

     ᠵᠢᠵᠢᠭ ᠫᠷᠣᠭ᠍ᠷᠠᠮ ᠢᠶᠠᠷ ᠯᠠᠪᠯᠠᠭᠠᠷᠠᠢ

     ᠭᠤᠶᠤᠴᠢᠯᠠᠨ ᠠᠪᠬᠤ ᠠᠷᠭ᠎ᠠ᠄

     1. ᠬᠡᠷᠡᠭᠴᠡᠭᠡ ᠪᠠᠨ ᠦᠨᠳᠦᠰᠦᠯᠡᠵᠦ᠂ ᠭᠠᠷ ᠤᠲᠠᠰᠤ ᠵᠡᠷᠭᠡ ᠳ᠋ᠢᠭᠢᠲ ᠦᠢᠯᠡᠳᠬᠦᠨ ᠤ ᠰᠢᠨ᠎ᠡ ᠶᠢ

ᠬᠤᠳᠠᠯᠳᠤᠨ ᠠᠪᠬᠤ ᠪᠤᠶᠤ ᠭᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠳᠠᠷᠤᠪᠴᠢ ᠶᠢ

ᠰᠤᠩᠭᠤᠨ᠎ᠠ᠃

     2. ᠲᠠᠨ ᠤ ᠪᠠᠶᠢᠭ᠎ᠠ ᠬᠤᠲᠠ ᠪᠠᠨ ᠰᠣᠩᠭᠤᠵᠤ᠂ ᠰᠠᠨᠠᠭᠤᠯᠤᠮᠵᠢ ᠶᠢ ᠦᠨᠳᠦᠰᠦᠯᠡᠨ ᠲᠤᠰ ᠭᠠᠵᠠᠷ ᠤᠨ ᠢᠶᠠᠨ

ᠲᠥᠷᠥ ᠶᠢᠨ ᠪᠣᠳᠣᠯᠭ᠎ᠠ ᠶᠢ ᠯᠠᠪᠯᠠᠵᠤ᠂ ᠬᠠᠮᠢᠶ᠎ᠠ ᠪᠦᠬᠦᠢ ᠬᠠᠷᠠᠭᠠᠯᠵᠠᠯ ᠢ ᠰᠤᠩᠭᠤᠵᠤ ᠠᠪᠤᠨ᠎ᠠ᠃

     ᠮᠠᠰᠢᠨ ᠲᠡᠷᠭᠡ ᠶᠢ ᠰᠢᠨ᠎ᠡ ᠪᠠᠷ ᠰᠣᠯᠢᠪᠠᠯ ᠳᠠᠷᠠᠭᠠᠴᠢ ᠶᠢᠨ ᠵᠦᠢᠯᠡᠰ ᠢ ᠠᠩᠬᠠᠷᠤᠭᠠᠷᠠᠢ

     ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠭᠤᠶᠤᠴᠢᠯᠠᠬᠤ

     ᠵᠢᠵᠢᠭ ᠫᠷᠣᠭ᠍ᠷᠠᠮ ᠢᠶᠠᠷ ᠯᠠᠪᠯᠠᠭᠠᠷᠠᠢ

     ᠭᠤᠶᠤᠴᠢᠯᠠᠨ ᠠᠪᠬᠤ ᠠᠷᠭ᠎ᠠ᠄

     1. ︽2025 ᠣᠨ ᠤ ᠬᠡᠷᠡᠭᠴᠡᠭᠡᠨ ᠠᠴᠠ ᠭᠠᠷᠭᠠᠵᠤ ᠰᠢᠨᠡᠳᠬᠡᠬᠦ ᠭᠤᠶᠤᠴᠢᠯᠠᠯ ᠤᠨ ᠣᠷᠣᠴᠠ︾ ᠪᠠᠷ

ᠣᠷᠣᠨ᠎ᠠ᠃

     2. ᠨᠥᠬᠦᠪᠦᠷᠢ ᠶᠢ ᠬᠦᠯᠢᠶᠡᠨ ᠠᠪᠴᠤ ᠭᠦᠢᠴᠡᠳᠬᠡᠬᠦ ᠭᠠᠵᠠᠷ ᠢᠶᠠᠨ ᠰᠣᠩᠭᠤᠵᠤ᠂ ᠰᠠᠨᠠᠭᠤᠯᠤᠮᠵᠢ ᠶᠢ

ᠦᠨᠳᠦᠰᠦᠯᠡᠨ ᠬᠤᠪᠢ ᠬᠥᠮᠥᠨ ᠤ ᠮᠡᠳᠡᠭᠡ ᠵᠠᠩᠭᠢ ᠪᠠᠨ ᠪᠢᠴᠢᠵᠤ᠂ ᠳᠠᠷᠠᠭᠠᠴᠢ ᠶᠢᠨ ᠰᠠᠨᠠᠭᠤᠯᠤᠮᠵᠢ ᠳᠤ ᠣᠷᠣᠨ᠎ᠠ᠃

     3. ᠰᠠᠨᠠᠭᠤᠯᠤᠮᠵᠢ ᠶᠢ ᠦᠨᠳᠦᠰᠦᠯᠡᠨ᠂ ᠭᠤᠶᠤᠴᠢᠯᠠᠭᠴᠢ ᠶᠢᠨ ᠮᠡᠳᠡᠭᠡ ᠵᠠᠩᠭᠢ᠂ ᠬᠡᠷᠡᠭᠴᠡᠭᠡᠨ ᠠᠴᠠ

ᠭᠠᠷᠭᠠᠭᠰᠠᠨ ᠮᠠᠰᠢᠨ ᠲᠡᠷᠭᠡᠨ ᠤ ᠮᠡᠳᠡᠭᠡ ᠵᠠᠩᠭᠢ᠂ ᠬᠤᠳᠠᠯᠳᠤᠨ ᠠᠪᠬᠤ ᠰᠢᠨ᠎ᠡ ᠮᠠᠰᠢᠨ ᠲᠡᠷᠭᠡᠨ ᠤ ᠮᠡᠳᠡᠭᠡ ᠵᠠᠩᠭᠢ ᠶᠢ

ᠲᠠᠭᠯᠠᠪᠠᠯ᠂ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠭᠤᠶᠤᠴᠢᠯᠠᠵᠤ ᠪᠣᠯᠣᠨ᠎ᠠ᠃

     ᠵᠢᠵᠢᠭ ᠫᠷᠣᠭ᠍ᠷᠠᠮ ᠢᠶᠠᠷ ᠲᠥᠷᠥ ᠶᠢᠨ ᠪᠣᠳᠣᠯᠭ᠎ᠠ ᠶᠢ ᠯᠠᠪᠯᠠᠵᠤ ᠨᠥᠬᠦᠪᠦᠷᠢ ᠪᠠᠨ ᠨᠢᠭᠡ ᠯᠡ ᠳᠠᠷᠤᠪᠴᠢ ᠪᠠᠷ

ᠭᠤᠶᠤᠴᠢᠯᠠᠬᠤ ᠪᠣᠯᠣᠨ᠎ᠠ᠃

 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号