4 ᠰᠠᠷ᠎ᠠ ᠶᠢᠨ 20 ᠤ ᠡᠳᠦᠷ᠂ 2025 ᠣᠨ ᠤ ᠠᠩᠬᠠᠳᠤᠭᠠᠷ ᠬᠤᠭᠤᠴᠠᠭᠠᠨ ᠤ ︽ᠡᠯᠡᠰᠦᠨ ᠴᠦᠯ ᠢ | ᠲᠤᠭᠤᠯᠬᠤ︾ ᠲᠡᠰᠭᠡᠯ ᠤᠷᠤᠯᠲᠤᠭᠠᠨ ᠰᠦᠷ ᠳᠠᠯᠠᠶᠢᠴᠠᠲᠠᠢ ᠶᠠᠪᠤᠭᠳᠠᠵᠤ᠂ ᠪᠦᠬᠦ ᠣᠯᠣᠰ ᠤᠨ ᠡᠯ᠎ᠡ ᠭᠠᠵᠠᠷ ᠠᠴᠠ | ᠢᠷᠡᠭᠰᠡᠨ ᠡᠯᠡᠰᠦᠨ ᠴᠦᠯ ᠤᠨ ᠪᠠᠭ᠋ᠠᠲᠠᠳ ᠤᠯᠠᠭᠠᠨᠪᠤᠬ᠎ᠠ ᠡᠯᠡᠰᠦᠨ ᠴᠥᠯ ᠳᠤ ᠴᠤᠭᠯᠠᠷᠠᠵᠤ᠂ ᠨᠢᠭᠡᠨ ᠤᠳᠠᠭᠠᠨ ᠤ | ᠬᠤᠷᠳᠤᠴᠠ ᠪᠣᠯᠣᠨ ᠣᠷᠭᠢᠯᠤᠮ᠎ᠠ ᠬᠠᠯᠠᠭᠤᠨ ᠰᠡᠳᠬᠢᠯᠭᠡ ᠶᠢ ᠣᠶᠠᠯᠳᠣᠭᠤᠯᠣᠭᠰᠠᠨ ᠤᠷᠤᠯᠳᠤᠭᠠᠨ ᠥᠷᠨᠢᠭᠦᠯᠵᠦ᠂ | ᠮᠠᠨ ᠤ ᠬᠤᠲᠠ ᠶᠢᠨ ᠰᠣᠶᠣᠯ ᠪᠡᠶ᠎ᠡ ᠶᠢᠨ ᠲᠠᠮᠢᠷ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠪᠡ᠃ | 35 ᠲᠡᠷᠭᠡᠨ ᠠᠩᠭᠢ ᠶᠢᠨ ᠵᠠᠭᠤ ᠭᠠᠷᠤᠢ ᠡᠯᠡᠰᠦ ᠶᠢ ᠲᠤᠭᠤᠯᠬᠤ ᠳᠤᠷᠠᠲᠠᠶ ᠬᠥᠮᠦᠰ ᠤᠯᠠᠭᠠᠨᠪᠤᠬ᠎ᠠ ᠡᠯᠡᠰᠦᠨ | ᠴᠦᠯ ᠳᠤ ᠢᠷᠡᠵᠤ᠂ ᠤᠷᠤᠯᠳᠤᠭᠠᠨ ᠤ ᠱᠤᠭᠤᠮ ᠳᠤ 20 ᠺᠠᠷᠲ᠋ᠠᠯᠠᠬᠤ ᠴᠢᠭ ᠲᠤᠬᠢᠷᠠᠭᠤᠯᠵᠤ᠂ ᠣᠷᠣᠯᠳᠣᠭᠠᠨ ᠳᠤ | ᠣᠷᠣᠯᠴᠠᠭᠰᠠᠨ ᠵᠢᠯᠤᠭᠤᠴᠢ ᠣᠨᠣᠴᠢᠳᠠᠢ ᠵᠠᠮᠴᠢᠯᠠᠭᠤᠷ ᠪᠠ ᠵᠢᠯᠤᠭᠤ ᠪᠠᠷᠢᠬᠤ ᠭᠠᠶᠢᠬᠠᠮᠰᠢᠭᠲᠤ ᠡᠷᠳᠡᠮ ᠢᠶᠠᠷ ᠥᠷᠭᠡᠨ | ᠠᠭᠤᠳᠠᠮ ᠡᠯᠡᠰᠦᠨ ᠴᠦᠯ ᠳᠤ ᠳᠠᠪᠬᠢᠵᠤ᠂ ᠡᠴᠦᠰ ᠲᠡᠭᠡᠨ ᠮᠠᠨ ᠤ ᠬᠤᠲᠠ ᠶᠢᠨ ᠠᠨᠤᠳᠠ ᠳᠣᠷᠭᠢᠯᠲᠠ ᠶᠢ ᠪᠠᠭᠠᠰᠬᠠᠬᠤ | ᠲᠡᠷᠭᠡᠨ ᠠᠩᠭᠢ 1 ᠴᠠᠭ 56 ᠮᠢᠨᠦ᠋ᠲ ᠤᠨ ᠰᠢᠯᠢᠳᠡᠭ ᠬᠢᠷᠢ ᠪᠦᠲᠦᠮᠵᠢ ᠪᠠᠷ ᠮᠠᠩᠯᠠᠶᠢᠯᠠᠪᠠ᠃ ︽ᠪᠢᠳᠡ ᠪᠡᠭᠡᠵᠢᠩ ᠤᠨ | ᠮᠢ ᠶᠦᠨ ᠤ ᠭᠤᠸᠠᠩ ᠱᠧᠩ ᠰᠢᠨ ᠶᠤᠸᠠᠨ ᠮᠠᠰᠢᠨ ᠲᠡᠷᠭᠡᠨ ᠤ ᠠᠩᠭᠢ ᠠᠴᠠ ᠢᠷᠡᠭᠰᠡᠨ ᠶᠤᠮ᠃ ᠬᠡᠳᠦᠶᠢᠪᠡᠷ ᠲᠡᠶᠢᠮᠦ | ᠣᠯᠠᠨ ᠭᠠᠵᠠᠷ ᠢᠶᠠᠷ ᠶᠠᠪᠤᠭᠰᠠᠨ ᠪᠤᠯᠪᠠᠴᠦ᠂ ᠤᠯᠠᠭᠠᠨᠪᠤᠬ᠎ᠠ ᠡᠯᠡᠰᠦᠨ ᠴᠦᠯ ᠪᠣᠯᠤᠨ ᠦᠵᠡᠰᠬᠦᠯᠡᠩᠲᠦ ᠰᠠᠶᠢᠬᠠᠨ | ᠦᠬᠠᠶ ᠳᠤ ᠬᠠᠮᠤᠭ ᠤᠨ ᠭᠦᠨ ᠰᠠᠭᠤᠭᠳᠠᠯ ᠲᠠᠢ ᠪᠤᠯᠵᠠᠢ︾ ᠬᠡᠵᠦ ᠤᠷᠤᠯᠳᠤᠭᠠᠨ ᠳᠤ ᠣᠷᠣᠯᠴᠠᠭᠰᠠᠨ ᠵᠢᠯᠤᠭᠤᠴᠢ | ᠯᠢᠦ ᠰᠢᠶᠤᠤ ᠪᠠᠶᠠᠷᠲᠠᠢ ᠪᠠᠷ ᠬᠡᠯᠡᠪᠡ᠃ | ᠲᠣᠰ ᠤᠳᠠᠭᠠᠨ ᠤ ᠤᠷᠤᠯᠳᠤᠭᠠᠨ ᠢ ᠬᠠᠶᠢᠷᠤᠪ ᠤᠨ ᠲᠣᠬᠤᠢ ᠲᠣᠭᠤᠷᠢᠭ ᠤᠨ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠤᠨ ᠲᠣᠪᠴᠢᠶ᠎ᠠ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠬᠡᠯᠳᠡ | ᠶᠢᠨ ᠣᠷᠣᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠦᠢᠯᠡᠴᠢᠯᠡᠭᠡᠨ ᠤ ᠲᠥᠪ ᠠᠴᠠ ᠭᠤᠤᠯᠯᠠᠨ ᠡᠷᠭᠢᠯᠡᠵᠦ᠂ | ︽ᠡᠯᠡᠰᠦᠨ ᠴᠦᠯ ᠢ ᠲᠤᠭᠤᠯᠬᠤ︾ ᠪᠠᠷ ᠭᠤᠤᠯ ᠰᠡᠳᠦᠪ ᠪᠣᠯᠭᠠᠵᠤ᠂ ᠵᠤᠷᠢᠯᠭ᠎ᠠ ᠨᠢ ᠦᠬᠠᠶ᠂ ᠠᠯᠠᠱᠠ ᠬᠤᠶᠠᠷ | ᠭᠠᠵᠠᠷ ᠤᠨ ᠣᠷᠣᠨ ᠪᠦᠰᠡ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠬᠤᠶᠠᠷ ᠭᠠᠵᠠᠷ ᠤᠨ ᠰᠣᠶᠣᠯ | ᠵᠢᠭᠤᠯᠴᠢᠯᠠᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠠᠵᠤ ᠦᠢᠯᠡᠰ ᠤᠨ ᠬᠤᠯᠪᠣᠭᠠᠯᠠᠨ ᠬᠥᠭᠵᠢᠬᠦ ᠶᠢ | ᠠᠬᠢᠭᠤᠯᠵᠤ᠂ ᠬᠤᠶᠠᠷ ᠭᠠᠵᠠᠷ ᠤᠨ ᠴᠢᠨᠠᠷ ᠰᠠᠶᠢᠲᠠᠶ ᠬᠠᠮᠲᠤᠷᠠᠯᠴᠠᠭ᠎ᠠ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ | ᠰᠣᠶᠣᠯ ᠵᠢᠭᠤᠯᠴᠢᠯᠠᠯ ᠤᠨ ᠬᠠᠮᠲᠤ ᠪᠠᠷ ᠠᠰᠢᠭ ᠭᠥᠷᠳᠡᠬᠦ ᠴᠣ ᠰᠢᠨ᠎ᠡ ᠵᠢᠷᠤᠭ ᠲᠥᠯᠥᠪᠯᠡᠭᠡ ᠶᠢ ᠵᠢᠷᠤᠭᠯᠠᠬᠤ ᠶᠢᠨ | ᠲᠥᠯᠥᠭᠡ ᠶᠤᠮ᠃ |