4 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ 2025 ᠣᠨ ᠤ ︽ᠦᠨᠳᠦᠰᠦᠲᠡᠨ ᠤ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠭᠤᠤᠯ ᠲᠠᠯᠠᠪᠤᠷ ᠤᠨ ᠠᠵᠢᠯᠯᠠᠭ᠎ᠠ ᠮᠠᠨ ᠤ ᠬᠤᠲᠠ ᠶᠢᠨ | ᠣᠲᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠤᠷᠠᠯᠢᠭ ᠤᠨ ᠣᠷᠳᠣᠨ ᠤ ᠵᠡᠭᠦᠨ ᠠᠭᠤᠳᠠᠮ | ᠲᠠᠯᠠᠪᠠᠶ ᠳᠤ ᠡᠬᠢᠯᠡᠬᠦ ᠪᠤᠯᠤᠨ᠎ᠠ᠃ | ᠲᠣᠰ ᠤᠳᠠᠭᠠᠨ ᠤ ᠠᠵᠢᠯᠯᠠᠭ᠎ᠠ ᠨᠢ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠨᠢᠭᠳᠠᠷᠠᠨ | ᠪᠦᠯᠬᠦᠮᠳᠡᠨ ᠰᠢᠷᠭᠠᠭᠤ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠪᠥᠬᠦ ᠲᠠᠯ᠎ᠠ ᠪᠠᠷ ᠠᠬᠢᠭᠤᠯᠤᠶ᠎ᠠ︾ ᠭᠡᠬᠦ ᠪᠠᠷ ᠭᠤᠤᠯ ᠰᠡᠳᠦᠪ ᠪᠣᠯᠭᠠᠵᠤ᠂ ᠠᠵᠢᠯᠯᠠᠭ᠎ᠠ ᠨᠢ ᠭᠤᠤᠯ ᠰᠡᠳᠦᠪᠲᠦ | ᠦᠵᠡᠬᠦᠯᠦᠯᠭᠡ᠂ ᠬᠠᠷᠢᠯᠴᠠᠨ ᠬᠥᠳᠡᠯᠦᠯᠴᠡᠵᠦ ᠪᠡᠶᠡᠴᠢᠯᠡᠨ ᠣᠶᠢᠯᠠᠭᠠᠬᠤ᠂ ᠬᠡᠷᠡᠭ ᠤᠨ ᠵᠢᠱᠢᠶ᠎ᠡ ᠶᠢᠨ ᠦᠵᠡᠭᠦᠯᠦᠯᠭᠡ | ᠵᠡᠷᠭᠡ ᠣᠯᠠᠨ ᠭᠤᠭᠴᠤᠭ᠎ᠠ ᠶᠢ ᠬᠠᠮᠤᠷᠴᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠮ ᠤᠨ | ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠶ | ᠣᠶᠢᠯᠠᠭᠠᠯᠲᠠ ᠪᠠ ᠮᠡᠳᠡᠷᠡᠮᠵᠢ ᠶᠢ ᠨᠢ ᠤᠯᠠᠮ ᠨᠢᠭᠡ ᠠᠯᠬᠤᠮ ᠴᠢᠩᠭᠠᠳᠬᠠᠬᠤ ᠪᠤᠯᠤᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ ᠭᠤᠤᠯ ᠬᠤᠷᠠᠯ ᠤᠨ ᠲᠠᠯᠠᠪᠤᠷ ᠪᠤᠯᠬᠤ ᠣᠲᠣ | ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠤᠷᠠᠯᠢᠭ ᠤᠨ ᠣᠷᠳᠣᠨ ᠤ ᠵᠡᠭᠦᠨ ᠠᠭᠤᠳᠠᠮ ᠲᠠᠯᠠᠪᠠᠶ ᠳᠤ | ᠣᠯᠠᠨ ᠣᠨᠴᠠᠯᠢᠭ ᠲᠠᠢ ᠭᠤᠤᠯ ᠰᠡᠳᠦᠪᠲᠦ ᠦᠵᠡᠬᠦᠯᠦᠯᠭᠡ ᠶᠢᠨ ᠲᠣᠭᠤᠷᠢᠭ ᠳᠣᠭᠢᠷᠠᠭᠤᠯᠵᠤ᠂ ᠮᠠᠨ ᠤ ᠬᠤᠲᠠ ᠶᠢᠨ | ᠦᠨᠳᠦᠰᠦᠲᠡᠨ ᠤ ᠠᠵᠢᠯ ᠤᠨ ᠡᠯᠪᠡᠭ ᠪᠠᠶᠠᠯᠢᠭ ᠦᠷ᠎ᠡ ᠪᠦᠲᠦᠭᠡᠯ ᠬᠢᠭᠡᠳ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠤᠨ ᠪᠠᠶᠠᠯᠢᠭ ᠠᠭᠤᠯᠤᠭᠳᠠᠬᠤᠨ ᠢ ᠪᠥᠬᠦ ᠲᠠᠯ᠎ᠠ ᠪᠠᠷ ᠳᠡᠯᠭᠡᠨ ᠦᠵᠡᠭᠦᠯᠬᠦ ᠪᠣᠯᠤᠨ᠎ᠠ᠃ ᠡᠭᠦᠨ ᠳᠤ᠂ ᠪᠥᠬᠦ | ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠤᠨ | ᠦᠵᠡᠭᠦᠯᠦᠯᠭᠡ ᠶᠢᠨ ᠰᠠᠮᠪᠠᠷ᠎ᠠ ᠪᠠᠷ ᠳᠠᠮᠵᠢᠭᠤᠯᠤᠨ᠂ ᠡᠯ᠎ᠡ ᠲᠣᠭᠤᠷᠢᠭ᠂ ᠡᠯ᠎ᠡ ᠭᠤᠤᠯᠳᠠᠯᠭ᠎ᠠ ᠲᠠᠢ ᠵᠢᠱᠢᠶ᠎ᠡ ᠦᠵᠡᠭᠦᠯᠬᠦ | ᠨᠢᠭᠡᠴᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠᠬᠢ ᠰᠢᠨ᠎ᠡ ᠶᠢ | ᠡᠭᠦᠳᠦᠭᠰᠡᠨ ᠦᠢᠯᠡᠳᠦᠯᠭᠡ ᠪᠠ ᠢᠯᠡᠳᠲᠡ ᠦᠷ᠎ᠡ ᠪᠦᠲᠦᠮᠵᠢ ᠶᠢ ᠲᠥᠪᠯᠡᠷᠡᠭᠦᠯᠦᠨ ᠢᠯᠡᠷᠡᠭᠦᠯᠬᠦ ᠶᠢᠨ ᠬᠠᠮᠲᠤ | ᠲᠤᠰᠬᠠᠶ ᠮᠡᠷᠭᠡᠵᠢᠯ ᠤᠨ ᠲᠠᠶᠢᠯᠪᠤᠷᠢᠯᠠᠭᠴᠢ ᠠᠴᠠ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠵᠦ᠂ ᠬᠤᠲᠠ ᠶᠢᠨ | ᠠᠷᠠᠳ ᠲᠤ ᠮᠠᠨ ᠤ ᠬᠤᠲᠠ ᠶᠢᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ | ᠠᠬᠢᠭᠤᠯᠤᠭᠰᠠᠨ ᠲᠠᠯ᠎ᠠ ᠪᠠᠷ ᠬᠢ ᠠᠮᠢᠳᠤᠯᠢᠭ ᠬᠡᠷᠡᠭ ᠤᠨ ᠵᠢᠱᠢᠶ᠎ᠡ ᠶᠢ ᠭᠦᠨᠵᠡᠭᠡᠶ ᠣᠶᠢᠯᠠᠭᠠᠭᠤᠯᠤᠨ᠎ᠠ᠃ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠴᠤᠭᠯᠠᠭ᠎ᠠ ᠮᠠᠶᠢᠮᠠᠶ ᠪᠣᠯ ᠠᠵᠢᠯᠯᠠᠭ᠎ᠠ ᠶᠢᠨ ᠨᠢᠭᠡᠨ ᠶᠡᠭᠡ | ᠬᠢᠯᠠᠰ ᠴᠢᠭ ᠮᠥᠨ᠂ ᠲᠤᠬᠠᠶ ᠶᠢᠨ ᠲᠠᠯᠠᠪᠤᠷ ᠲᠤ ᠠᠭᠤᠯᠭ᠎ᠠ ᠪᠠᠷ ᠪᠠᠶᠠᠯᠢᠭ ᠦᠨᠳᠦᠰᠦᠲᠡᠨ ᠤ ᠣᠨᠣᠯ ᠲᠥᠷᠥ ᠶᠢᠨ | ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠲᠤᠰᠬᠠᠶ | ᠮᠡᠷᠭᠡᠵᠢᠯ ᠤᠨ ᠠᠵᠢᠯᠲᠠᠨ ᠳᠣᠭᠢᠷᠠᠭᠤᠯᠤᠨ ᠣᠯᠠᠨ ᠲᠦᠮᠡᠨ ᠤ ᠯᠠᠪᠯᠠᠭ᠎ᠠ ᠳᠤ ᠬᠠᠷᠢᠭᠤᠯᠲᠠ ᠦᠭᠬᠦ ᠪᠥᠭᠡᠳ ᠪᠠᠰᠠ | ᠪᠡᠶᠡᠴᠢᠯᠡᠨ ᠣᠶᠢᠯᠠᠭᠠᠬᠤ ᠦᠵᠡᠭᠦᠯᠦᠯᠭᠡ ᠶᠢᠨ ᠲᠠᠪᠴᠠᠩ ᠳᠣᠭᠢᠷᠠᠭᠤᠯᠵᠤ᠂ ᠬᠠᠷᠢᠯᠴᠠᠨ ᠬᠥᠳᠡᠯᠦᠯᠴᠡᠬᠦ ᠬᠡᠯᠪᠡᠷᠢ ᠪᠠᠷ | ᠤᠬᠠᠭᠤᠯᠭ᠎ᠠ ᠶᠢᠨ ᠰᠣᠨᠢᠷᠬᠠᠯᠲᠤ ᠴᠢᠨᠠᠷ ᠪᠠ ᠣᠷᠣᠯᠴᠠᠬᠤ ᠬᠡᠮᠵᠢᠶ᠎ᠡ ᠶᠢ ᠨᠢ ᠳᠡᠭᠡᠭᠰᠢᠯᠡᠭᠦᠯᠤᠨ᠎ᠠ᠃ ᠪᠣᠳᠠᠰ ᠤᠨ ᠪᠤᠰᠤ | ᠰᠣᠶᠣᠯ ᠤᠨ ᠥᠪ ᠤᠨ ᠦᠵᠡᠭᠦᠯᠦᠯᠭᠡ ᠶᠢᠨ ᠲᠣᠭᠤᠷᠢᠭ ᠨᠢ ᠮᠠᠨ ᠤ ᠬᠤᠲᠠ ᠶᠢᠨ ᠪᠣᠳᠠᠰ ᠤᠨ ᠪᠤᠰᠤ ᠰᠣᠶᠣᠯ ᠤᠨ | ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢ ᠴᠤᠭᠯᠠᠭᠤᠯᠵᠤ᠂ ᠪᠣᠳᠠᠲᠤ ᠪᠣᠳᠠᠰ ᠤᠨ ᠦᠵᠡᠭᠦᠯᠦᠯᠭᠡ᠂ ᠤᠷ᠎ᠠ | ᠮᠡᠷᠭᠡᠵᠢᠯ ᠤᠨ ᠲᠣᠭᠯᠠᠯᠲᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠪᠣᠳᠠᠰ ᠤᠨ ᠪᠤᠰᠤ | ᠰᠣᠶᠣᠯ ᠤᠨ ᠥᠪ ᠤᠨ ᠥᠪᠡᠷᠮᠢᠴᠡ ᠷᠢᠳᠢ ᠰᠢᠳᠢ ᠶᠢ ᠣᠶᠢᠯᠠᠭᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠤᠨ ᠭᠦᠨ ᠵᠤᠵᠠᠭᠠᠨ ᠠᠭᠤᠯᠬᠤᠨ ᠢ ᠣᠶᠢᠯᠠᠭᠠᠭᠤᠯᠤᠨ᠎ᠠ᠃ ᠡᠭᠦᠨ ᠠᠴᠠ ᠭᠠᠳᠠᠨ᠎ᠠ᠂ ᠲᠤᠬᠠᠶ ᠶᠢᠨ ᠲᠠᠯᠠᠪᠤᠷ ᠲᠤ | ᠪᠠᠰᠠ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠬᠠᠤᠯᠢ | ᠴᠠᠭᠠᠵᠠ ᠶᠢᠨ ᠤᠬᠠᠭᠤᠯᠭ᠎ᠠ ᠬᠢᠵᠦ᠂ ᠣᠯᠠᠨ ᠲᠦᠮᠡᠨ ᠤ ᠬᠠᠤᠯᠢᠵᠢᠯ ᠤᠨ ᠤᠬᠠᠮᠰᠠᠷ ᠢ ᠨᠢ ᠤᠯᠠᠮ ᠨᠢᠭᠡ ᠠᠯᠬᠤᠮ | ᠳᠡᠭᠡᠭᠰᠢᠯᠡᠭᠦᠯᠤᠨ᠎ᠠ᠃ | ᠠᠵᠢᠯᠯᠠᠭ᠎ᠠ ᠶᠢᠨ ᠲᠤᠬᠠᠢ ᠶᠢᠨ ᠡᠳᠦᠷ᠂ ᠬᠠᠶᠢᠷᠤᠪ ᠤᠨ ᠲᠤᠬᠤᠢ ᠶᠢᠨ ᠰᠣᠯᠠ ᠠᠵᠢᠯᠴᠢᠨ ᠤ ᠵᠠᠬ᠎ᠠ ᠳᠡᠯᠭᠡᠭᠦᠷ | ᠲᠠᠬᠢ ᠠᠵᠢᠯᠯᠠᠭ᠎ᠠ ᠶᠢᠨ ᠬᠤᠪᠢᠶᠠᠷᠢ ᠬᠤᠷᠠᠯ ᠤᠨ ᠲᠠᠯᠠᠪᠣᠷ ᠴᠤ ᠡᠯ᠎ᠡ ᠲᠦᠷᠦᠯ ᠤᠨ ᠬᠤᠯᠪᠤᠭᠳᠠᠯ ᠪᠦᠬᠦᠢ | ᠠᠵᠢᠯᠯᠠᠭ᠎ᠠ ᠶᠢ ᠵᠡᠷᠭᠡᠪᠡᠷ ᠥᠷᠨᠢᠭᠦᠯᠬᠦ ᠪᠣᠯᠤᠨ᠎ᠠ᠃ ᠲᠣᠰ ᠤᠳᠠᠭᠠᠨ ᠤ ︽ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠨᠢ ᠣᠯᠠᠨ ᠲᠠᠰ ᠳᠠᠪᠬᠤᠷᠭ᠎ᠠ᠂ ᠣᠯᠠᠨ ᠬᠡᠯᠪᠡᠷᠢ ᠶᠢᠨ | ᠤᠬᠠᠭᠤᠯᠭ᠎ᠠ ᠬᠥᠮᠦᠵᠢᠯ ᠢᠶᠠᠷ ᠳᠠᠮᠵᠢᠭᠤᠯᠤᠨ᠂ ᠣᠯᠠᠨ ᠲᠦᠮᠡᠨ ᠤ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ | ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠣᠶᠢᠯᠠᠭᠠᠬᠤ ᠬᠡᠮᠵᠢᠶ᠎ᠡ ᠣᠷᠣᠯᠴᠠᠬᠤ ᠬᠡᠮᠵᠢᠶ᠎ᠡ ᠶᠢ ᠨᠢ ᠲᠠᠰᠤᠷᠠᠯᠲᠠ | ᠥᠬᠡᠶ ᠳᠡᠭᠡᠭᠰᠢᠯᠡᠭᠦᠯᠵᠦ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ | ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠶᠢᠭᠤᠯᠬᠤ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ | ᠪᠠ ᠬᠠᠤᠯᠢᠵᠢᠯ ᠤᠨ ᠪᠠᠲᠤᠯᠠᠭ᠎ᠠ ᠬᠠᠩᠭᠠᠬᠤ ᠶᠢᠨ ᠲᠥᠯᠥᠭᠡ ᠶᠤᠮ᠃ |