ᠡᠨᠡ ᠵᠢᠯ ᠤᠨ 1 ᠰᠠᠷ᠎ᠠ ᠠᠴᠠ 3 ᠰᠠᠷ᠎ᠠ ᠪᠣᠯᠲᠠᠯ᠎ᠠ᠂ ᠪᠥᠬᠦ ᠬᠤᠲᠠ ᠶᠢᠨ ᠭᠠᠳᠠᠭᠠᠳᠤ ᠠᠴᠠ ᠣᠷᠣᠭᠤᠯᠣᠭᠰᠠᠨ | ᠪᠠ ᠭᠠᠳᠠᠭᠠᠳᠤ ᠳᠤ ᠭᠠᠷᠭᠠᠭᠰᠠᠨ ᠬᠡᠮᠵᠢᠶ᠎ᠡ 3.79 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 113.4% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠪᠥᠬᠦ ᠣᠷᠣᠨ ᠳᠤ ᠲᠡᠳ᠋ᠯᠡᠪᠡ᠃ | ᠡᠭᠦᠨ ᠳᠤ᠂ ᠭᠠᠳᠠᠭᠠᠳᠤ ᠭᠠᠷᠭᠠᠯᠲᠠ ᠶᠢᠨ ᠬᠡᠮᠵᠢᠶ᠎ᠡ ᠨᠡᠩ ᠢᠯᠡᠷᠭᠡᠢ ᠪᠠᠶᠢᠵᠤ᠂ 3.76 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 117.9% ᠪᠠᠷ ᠨᠡᠮᠡᠭᠳᠡᠵᠦ᠂ ᠭᠠᠳᠠᠭᠠᠳᠤ ᠠᠷᠠᠯᠵᠢᠶᠠᠨ ᠤ | ᠨᠡᠮᠡᠭᠳᠡᠯ ᠢ ᠳᠠᠶᠢᠴᠢᠯᠠᠬᠤ ᠭᠤᠤᠯ ᠬᠥᠳᠡᠯᠭᠡᠭᠦᠷ ᠪᠣᠯᠵᠠᠶ᠃ | ᠣᠳᠣᠬᠠᠨ ᠤ ᠣᠯᠠᠨ ᠤᠯᠤᠰ ᠤᠨ ᠠᠷᠠᠯᠵᠢᠶᠠᠨ ᠤ ᠪᠠᠶᠢᠳᠠᠯ ᠨᠠᠷᠢᠨ ᠪᠤᠳᠤᠯᠢᠶᠠᠨᠲᠠᠶ ᠪᠥᠭᠡᠳ ᠬᠤᠪᠢᠷᠠᠯᠲᠠ | ᠶᠡᠬᠡᠲᠡᠶ ᠪᠠᠶᠢᠭ᠎ᠠ ᠠᠬᠤᠶ ᠪᠠᠶᠢᠳᠠᠯ ᠳᠣᠤᠷ᠎ᠠ᠂ ᠮᠠᠨ ᠤ ᠬᠤᠲᠠ ᠶᠢᠨ ᠭᠠᠳᠠᠭᠠᠳᠤ ᠠᠷᠠᠯᠵᠢᠶ᠎ᠠ ᠳᠤ ᠬᠠᠷᠢᠨ ᠰᠠᠶᠢᠨ | ᠪᠠᠶᠢᠳᠠᠯ ᠢᠯᠡᠷᠡᠵᠦ᠂ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠥᠷᠨᠢᠨ | ᠬᠥᠭᠵᠢᠵᠦ᠂ ᠲᠢᠶᠠᠨᠵᠢᠨ ᠭᠠᠷᠠᠮ ᠤᠨ ᠪᠠᠷᠠᠭᠠᠨ ᠤ ᠭᠦᠢᠯᠭᠡᠭᠡᠨ ᠤ ᠦᠬᠠᠶ ᠶᠢᠨ ᠦᠢᠯᠡᠴᠢᠯᠡᠭᠡᠨ ᠤ ᠲᠥᠪ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠲᠢᠶᠠᠨᠵᠢᠨ ᠭᠠᠷᠠᠮ ᠳᠤ ᠬᠠᠳᠠᠭᠠᠯᠠᠭᠰᠠᠨ | ᠡᠷᠭᠢᠯᠲᠡ ᠶᠢᠨ ᠵᠠᠷᠤᠳᠠᠯ 30% ᠪᠠᠷ ᠪᠠᠭᠤᠷᠠᠵᠤ᠂ ᠭᠠᠳᠠᠭᠠᠳᠤ ᠠᠷᠠᠯᠵᠢᠶᠠᠨ ᠤ ᠭᠤᠤᠯ ᠴᠣᠭᠴᠠ ᠶᠢᠨ ᠠᠮᠢᠵᠢᠷᠠᠯ ᠤᠨ | ᠬᠦᠴᠦᠨ ᠢ ᠲᠠᠰᠤᠷᠠᠯᠲᠠ ᠥᠬᠡᠶ ᠬᠥᠭᠵᠢᠭᠡᠪᠡ᠃ ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠤᠯᠠᠮᠵᠢᠯᠠᠯᠲᠤ | ᠠᠵᠤ ᠠᠬᠤᠶᠢᠯᠠᠯ ᠤᠨ ᠨᠡᠮᠡᠭᠳᠡᠯ ᠤᠨ ᠪᠠᠶᠢᠳᠠᠯ ᠰᠠᠶᠢᠵᠢᠷᠠᠵᠤ᠂ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠤ | ᠭᠠᠳᠠᠭᠠᠳᠤ ᠭᠠᠷᠭᠠᠯᠲᠠ ᠶᠡᠬᠡᠪᠡᠷ ᠨᠡᠮᠡᠭᠳᠡᠪᠡ᠃ AEO ᠳᠡᠭᠡᠳᠦ ᠵᠡᠷᠭᠡ ᠶᠢᠨ ᠭᠡᠷᠡᠴᠢᠯᠡᠯ ᠤᠨ ᠠᠵᠤ ᠠᠬᠤᠶᠢᠯᠠᠯ ᠢ | ᠢᠳᠡᠪᠬᠢᠲᠡᠢ ᠪᠤᠶᠢᠵᠢᠭᠤᠯᠵᠤ᠂ ᠠᠵᠤ ᠠᠬᠤᠶᠢᠯᠠᠯ ᠳᠤ ᠪᠣᠭᠤᠮᠲᠠ ᠪᠠᠷ ᠥᠩᠭᠡᠷᠡᠬᠦ ᠳᠥᠭᠦᠮ ᠳᠥᠲᠡ ᠠᠷᠭ᠎ᠠ | ᠬᠡᠮᠵᠢᠶ᠎ᠡ ᠶᠢ ᠬᠦᠷᠲᠡᠭᠡᠵᠦ᠂ ᠡᠨᠡ ᠵᠢᠯ ᠥᠪᠥᠷ ᠮᠣᠩᠭᠤᠯ ᠤᠨ ᠵᠢᠶᠠ ᠿᠦᠢ ᠮᠢ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠬᠢᠵᠠᠭᠠᠷᠲᠤ ᠺᠣᠮᠫᠠᠨᠢ AEO ᠭᠡᠷᠡᠴᠢᠯᠡᠯ ᠤᠨ ᠠᠵᠤ ᠠᠬᠤᠶᠢᠯᠠᠯ ᠢᠶᠠᠷ ᠦᠨᠡᠯᠡᠭᠳᠡᠵᠦ᠂ ᠮᠠᠨ ᠤ | ᠬᠤᠲᠠ ᠶᠢᠨ ᠳᠡᠭᠡᠳᠦ ᠵᠡᠷᠭᠡ ᠶᠢᠨ ᠭᠡᠷᠡᠴᠢᠯᠡᠯ ᠤᠨ ᠠᠵᠤ ᠠᠬᠤᠶᠢᠯᠠᠯ ᠪᠠᠶᠢᠭᠰᠠᠨ ᠦᠭᠡᠢ ᠪᠠᠶᠢᠳᠠᠯ ᠢ ᠡᠴᠦᠰᠯᠡᠬᠦᠯᠪᠡ᠃ | ᠬᠠᠭᠤᠴᠢᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠶᠡᠬᠡᠪᠡᠷ ᠬᠥᠭᠵᠢᠭᠦᠯᠵᠦ᠂ | ᠣᠳᠣᠬᠠᠨ ᠳᠤ ᠥᠪᠥᠷ ᠮᠣᠩᠭᠤᠯ ᠤᠨ ᠯᠢ ᠴᠢᠶᠠᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠠᠷᠠᠯᠵᠢᠶᠠᠨ ᠤ ᠬᠢᠵᠠᠭᠠᠷᠲᠤ ᠺᠣᠮᠫᠠᠨᠢ ᠨᠢᠭᠡᠨᠲᠡ ᠬᠠᠭᠤᠴᠢᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠶᠢ | ᠳᠠᠩᠰᠠᠯᠠᠭᠤᠯᠬᠤ ᠭᠠᠷ ᠭᠦᠢᠴᠡᠳᠬᠡᠯ ᠢᠶᠠᠨ ᠪᠡᠶᠡᠯᠡᠭᠦᠯᠵᠦ᠂ ᠮᠠᠨ ᠤ ᠬᠤᠲᠠ ᠶᠢᠨ ᠬᠠᠭᠤᠴᠢᠨ ᠮᠠᠰᠢᠨ ᠲᠡᠷᠭᠡ ᠶᠢ | ᠳᠠᠩᠰᠠᠯᠠᠭᠤᠯᠤᠭᠰᠠᠨ ᠠᠵᠤ ᠠᠬᠤᠶᠢᠯᠠᠯ ᠪᠠᠶᠢᠭᠰᠠᠨ ᠦᠭᠡᠢ ᠪᠠᠶᠢᠳᠠᠯ ᠢ ᠡᠴᠦᠰᠯᠡᠬᠦᠯᠪᠡ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠣᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ | ᠠᠵᠤ ᠠᠬᠤᠶᠢᠯᠠᠯ ᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠪᠠ ᠬᠦᠴᠢᠷᠳᠡᠯ ᠢ ᠨᠢ ᠣᠶᠢᠯᠠᠭᠠᠵᠤ᠂ ᠠᠵᠤ | ᠠᠬᠤᠶᠢᠯᠠᠯ ᠳᠤ ᠣᠨᠣᠪᠴᠢᠲᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠯᠠᠪᠯᠠᠭ᠎ᠠ ᠶᠢᠨ ᠦᠢᠯᠡᠴᠢᠯᠡᠭᠡ ᠬᠠᠩᠭᠠᠵᠤ᠂ | ᠠᠵᠤ ᠠᠬᠤᠶᠢᠯᠠᠯ ᠢ ᠬᠠᠪᠰᠤᠷᠤᠨ ᠣᠯᠠᠨ ᠤᠯᠤᠰ ᠤᠨ ᠠᠷᠠᠯᠵᠢᠶᠠᠨ ᠤ ᠠᠶᠤᠯ ᠲᠦᠭᠰᠢᠭᠦᠷᠢ ᠶᠢ ᠨᠠᠩ ᠰᠠᠶᠢᠲᠤᠷ | ᠠᠷᠭᠠᠴᠠᠭᠠᠨ᠎ᠠ᠃ |