4 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2025 ᠣᠨ ᠤ 9 ᠳ᠋ᠦ᠋ᠭᠡᠷ ᠤᠳᠠᠭᠠᠨ ᠤ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ | ᠴᠢᠬᠤᠯᠠ ᠥᠭᠦᠯᠡᠯᠲᠡ᠂ ᠪᠦᠬᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠬᠤᠷᠢᠳᠤᠭᠠᠷ | ᠬᠤᠭᠤᠴᠠᠭᠠᠨ ᠤ ᠲᠥᠪ ᠤᠨ ᠮᠤᠵᠢ ︵ᠣᠷᠣᠨ᠂ ᠬᠤᠳᠠ︶ ᠶᠢ ᠲᠣᠭᠤᠷᠢᠨ ᠪᠠᠶᠢᠴᠠᠭᠠᠬᠤ ᠲᠠᠶᠢᠴᠢᠯᠠᠯᠳᠠ | ᠪᠠᠶᠢᠷᠢᠯᠠᠭᠤᠯᠤᠯᠲᠠ ᠶᠢᠨ ᠬᠤᠷᠠᠯ ᠪᠣᠯᠤᠨ ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠲᠣᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠶᠢᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠲᠣᠭᠤᠷᠢᠨ | ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠪᠦᠬᠦ ᠤᠯᠤᠰ ᠤᠨ | ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠪᠣᠯᠤᠨ ᠪᠦᠬᠦ ᠣᠷᠣᠨ ᠤ ᠠᠵᠢᠯ ᠤᠨ ᠲᠠᠶᠢᠴᠢᠯᠠᠯᠳᠠ ᠶᠢᠨ | ᠬᠤᠷᠠᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ | ᠬᠦᠯᠢᠶᠡᠬᠦ ᠪᠠᠷ ᠠᠵᠠ ᠲᠣᠬᠢᠶᠠᠯ ᠪᠣᠯᠭᠠᠨ ᠥᠭᠡᠷᠡᠴᠢᠯᠡᠯᠲᠡ ᠬᠥᠭᠵᠢᠯᠲᠡ ᠶᠢ ᠨᠡᠩ ᠰᠠᠶᠢᠲᠤᠷ ᠠᠬᠢᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠳᠠᠷᠤᠯᠲᠠ | ᠥᠭᠴᠦ ᠡᠷᠡᠯᠬᠡᠭᠯᠡᠨ ᠤᠷᠤᠭᠰᠢᠯᠠᠵᠤ᠂ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠵᠦ ᠲᠣᠬᠢᠷᠠᠭᠤᠯᠬᠤ ᠪᠠᠨ | ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠠᠵᠤ ᠠᠬᠤᠶᠢᠯᠠᠯ ᠢ ᠲᠤᠰᠠᠯᠠᠬᠤ ᠦᠢᠯᠡᠴᠢᠯᠡᠭᠡ᠂ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ᠂ ᠡᠳ᠋ ᠤᠨ ᠵᠠᠰᠠᠭ ᠤᠨ ᠢᠷᠡᠯᠳᠡ ᠶᠢ ᠪᠤᠶᠢᠵᠢᠭᠤᠯᠬᠤ᠂ ᠬᠡᠷᠡᠭᠯᠡᠭᠡ ᠶᠢ ᠠᠬᠢᠭᠤᠯᠬᠤ᠂ | ᠨᠡᠭᠡᠭᠡᠯᠲᠡ ᠬᠢᠵᠦ ᠬᠠᠮᠲᠤᠷᠠᠯᠴᠠᠬᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠵᠡᠷᠭᠡ ᠭᠤᠣᠯᠳᠠᠯᠭ᠎ᠠ ᠲᠠᠢ | ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ | ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠠᠵᠢᠯ ᠤᠨ ᠲᠦᠪᠰᠢᠨ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ | ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠬᠢᠨᠠᠨ ᠪᠤᠳᠤᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ᠂ ᠣᠶ ᠰᠢᠭᠤᠶ ᠡᠪᠡᠰᠦ ᠪᠡᠯᠴᠢᠭᠡᠷ ᠢ ᠰᠦᠢᠳᠬᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠠᠵᠢᠯ ᠢ ᠪᠠᠶᠢᠷᠢᠯᠠᠭᠤᠯᠵᠤ᠂ ︽ᠦᠬᠠᠶ— ᠪᠡᠭᠡᠵᠢᠩ ᠤᠨ | ᠬᠤᠤᠰ ᠴᠢᠭᠯᠡᠯᠲᠦ ᠣᠷᠣᠨ ᠠᠯᠤᠰᠯᠠᠭᠰᠠᠨ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠲᠥᠪ ᠤᠨ ᠨᠠᠶᠢᠳᠠᠨ | ᠡᠵᠡᠩᠨᠡᠬᠦ ᠬᠡᠯᠡᠯᠴᠡᠭᠡᠷ︾ ︽︿ᠲᠠᠪᠤᠨ ᠲᠣᠭᠤᠷᠢᠭ ᠨᠢᠭᠡ ᠭᠤᠤᠯ﹀ ᠢ ᠨᠢᠭᠡᠳᠦᠯᠲᠡᠶ ᠲᠥᠯᠥᠪᠯᠡᠨ ᠵᠠᠰᠠᠵᠤ ᠦᠵᠡᠰᠬᠦᠯᠡᠩᠲᠦ | ᠰᠠᠶᠢᠬᠠᠨ ᠦᠬᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ︾ | ᠵᠡᠷᠭᠡ ᠪᠢᠴᠢᠭ ᠮᠠᠲ᠋ᠧᠷᠢᠶᠠᠯ ᠢ ᠰᠤᠳᠤᠯᠪᠠ᠃ |