ᠣᠶᠢᠷ᠎ᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ︽ᠨᠡᠷᠡᠳᠤ ᠰᠤᠷᠭᠠᠭᠤᠯᠢ ᠶᠢᠨ ᠵᠠᠬᠢᠷᠤᠯ ᠸᠠᠩ ᠶᠦᠩ ᠢ | ᠶᠢᠨ ᠠᠵᠢᠯᠯᠠᠬᠤ ᠲᠠᠰᠤᠭ︾ ᠪᠠᠶᠢᠭᠤᠯᠤᠭᠳᠠᠪᠠ᠂ ᠡᠨᠡ ᠨᠢ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ | ᠬᠠᠮᠵᠢᠯᠴᠠᠭ᠎ᠠ ᠶᠢᠨ ᠪᠠᠰᠠ ᠨᠢᠭᠡᠨ ᠴᠢᠬᠤᠯᠠ ᠦᠷ᠎ᠡ ᠪᠦᠲᠦᠭᠡᠯ ᠮᠥᠨ᠂ ᠨᠡᠶᠢᠰᠯᠡᠯ ᠤᠨ ᠰᠢᠯᠢᠳᠡᠭ ᠰᠤᠷᠭᠠᠨ | ᠬᠥᠮᠦᠵᠢᠯ ᠤᠨ ᠡᠬᠢ ᠪᠠᠶᠠᠯᠢᠭ ᠬᠢᠭᠡᠳ ᠦᠬᠠᠶ ᠶᠢᠨ ᠰᠤᠷᠭᠠᠨ ᠬᠥᠮᠦᠵᠢᠯ ᠤᠨ ᠭᠦᠨᠵᠡᠭᠡᠶ ᠵᠣᠯᠭᠠᠯᠴᠠᠭ᠎ᠠ ᠶᠢ | ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃ | ᠠᠵᠢᠯᠯᠠᠬᠤ ᠲᠠᠰᠤᠭ ᠤᠨ ᠪᠠᠶᠢᠭᠤᠯᠤᠭᠳᠠᠭᠰᠠᠨ ᠨᠢ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ | ᠬᠠᠮᠵᠢᠯᠴᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠦᠢᠯᠡᠳᠦᠯᠭᠡ ᠪᠣᠯᠤᠨ᠎ᠠ᠂ ︽ᠨᠠᠷᠠᠲᠤ ᠰᠤᠷᠭᠠᠭᠤᠯᠢ ᠶᠢᠨ | ᠵᠠᠬᠢᠷᠤᠯ ᠢᠶᠠᠷ ᠬᠥᠲᠥᠯᠦᠨ ᠳᠠᠭᠠᠭᠤᠯᠬᠤ︾ ᠵᠠᠭᠪᠤᠷ ᠢᠶᠠᠷ ᠳᠠᠮᠵᠢᠭᠤᠯᠤᠨ ᠣᠷᠣᠨ ᠪᠦᠰᠡ ᠶᠢᠨ ᠰᠤᠷᠭᠠᠨ | ᠬᠥᠮᠦᠵᠢᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ︽ᠨᠡᠷᠡᠨ ᠭᠡᠷᠡᠯᠲᠦ ᠰᠤᠷᠭᠠᠨ ᠬᠥᠮᠦᠵᠢᠯ︾ | ᠤᠨ ᠨᠠᠷᠠᠲᠤ ᠲᠡᠮᠳᠡᠭᠲᠦ ᠶᠢ ᠤᠯᠠᠮ ᠨᠢᠭᠡ ᠠᠯᠬᠤᠮ ᠭᠡᠷᠡᠯᠲᠦᠭᠦᠯᠬᠦ ᠪᠤᠯᠤᠨ᠎ᠠ᠃ ᠪᠡᠭᠡᠵᠢᠩ ᠬᠤᠲᠠ ᠶᠢᠨ 156 | ᠳ᠋ᠤᠭᠠᠷ ᠳᠤᠮᠳᠠᠳᠤ ᠰᠤᠷᠭᠠᠭᠤᠯᠢ ᠶᠢᠨ ᠤᠤᠯ ᠤᠨ ᠵᠠᠬᠢᠷᠤᠯ ᠸᠠᠩ ᠶᠦᠩ ᠢ ᠲᠠᠨᠢᠯᠴᠠᠭᠤᠯᠤᠭᠰᠠᠨ ᠨᠢ᠂ ᠠᠵᠢᠯᠯᠠᠬᠤ | ᠲᠠᠰᠤᠭ ᠨᠢ ᠣᠨᠣᠯ ᠤᠨ ᠰᠤᠳᠤᠯᠭᠠᠨ᠂ ᠦᠢᠯᠡᠳᠦᠯᠭᠡ ᠶᠢᠨ ᠵᠢᠯᠣᠭᠤᠳᠣᠯᠭ᠎ᠠ᠂ ᠡᠬᠢ ᠪᠠᠶᠠᠯᠢᠭ ᠢ ᠨᠡᠶᠢᠳᠭᠡᠬᠦ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠭᠠᠭᠤᠯᠢ ᠶᠢᠨ ᠵᠠᠬᠢᠷᠤᠯ ᠤᠨ ᠡᠩᠨᠡᠭᠡ ᠶᠢᠨ ᠲᠤᠰᠬᠠᠶᠢᠵᠢᠭᠰᠠᠨ | ᠬᠥᠭᠵᠢᠯᠲᠡ ᠶᠢ ᠨᠥᠯᠥᠭᠡᠯᠡᠨ ᠳᠠᠶᠢᠴᠢᠯᠠᠨ᠎ᠠ ᠭᠡᠵᠡᠢ᠃ | ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠪᠢᠶᠠᠨ ᠰᠢᠤᠢ | ᠰᠢᠶᠠ ᠢᠯᠡᠷᠭᠡᠶᠢᠯᠡᠭᠰᠡᠨ ᠨᠢ᠂ ︽ᠨᠡᠷᠡᠳᠤ ᠰᠤᠷᠭᠠᠭᠤᠯᠢ ᠶᠢᠨ ᠵᠠᠬᠢᠷᠤᠯ ᠸᠠᠩ ᠶᠦᠩ ᠢ ᠶᠢᠨ ᠠᠵᠢᠯᠯᠠᠬᠤ ᠲᠠᠰᠤᠭ︾ ᠢ | ᠪᠠᠶᠢᠭᠤᠯᠤᠭᠰᠠᠨ ᠨᠢ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠲᠤ ᠨᠢᠭᠡ ᠪᠦᠯᠦᠭ | ᠰᠤᠷᠭᠠᠭᠤᠯᠢ ᠶᠢᠨ ᠵᠠᠬᠢᠷᠤᠯ ᠤᠨ ᠪᠡᠯᠡᠳᠬᠡᠯ ᠬᠦᠴᠦᠨ ᠢ ᠬᠥᠮᠦᠵᠢᠭᠦᠯᠵᠦ᠂ ᠰᠤᠷᠭᠠᠭᠤᠯᠢ ᠶᠢᠨ ᠵᠠᠬᠢᠷᠤᠯ ᠤᠨ ᠱᠠᠲᠤᠯᠢᠭ | ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ ᠴᠢᠳᠠᠨ᠎ᠠ᠃ ᠬᠤᠶᠢᠰᠢᠳᠠ ᠬᠠᠶᠢᠷᠤᠪ ᠤᠨ ᠲᠤᠬᠤᠢ ᠲᠣᠭᠤᠷᠢᠭ ᠤᠨ ᠬᠢᠨ | ᠠᠵᠢᠯᠯᠠᠬᠤ ᠲᠠᠰᠤᠭ ᠢᠶᠠᠷ ᠬᠤᠯᠪᠣᠭᠠᠰᠤ ᠪᠣᠯᠭᠠᠨ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ | ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠪᠠᠶᠢᠩᠭᠤᠵᠢᠭᠰᠠᠨ ᠬᠠᠮᠲᠤᠷᠠᠯᠴᠠᠭᠠᠨ ᠤ ᠲᠣᠭᠲᠠᠴᠠ ᠪᠠᠷ ᠳᠠᠮᠵᠢᠭᠤᠯᠤᠨ᠂ | ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠠᠷᠠᠳ ᠲᠦᠮᠡᠨ ᠳᠤ | ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ ᠭᠡᠵᠡᠢ᠃ |