4 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠪᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠠᠤᠯᠢ ᠴᠠᠭᠠᠵᠠ ᠶᠢᠨ ᠲᠢᠩᠬᠢᠮ ᠮᠠᠨ ᠤ ᠬᠤᠲᠠ ᠳᠤ 2025 ᠣᠨ ᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠰᠠᠷ᠎ᠠ︾ ᠶᠢᠨ ᠭᠤᠤᠯ ᠲᠠᠯᠠᠪᠤᠷ ᠤᠨ ᠠᠵᠢᠯᠯᠠᠭ᠎ᠠ ᠶᠢ ᠬᠠᠮᠲᠤᠷᠠᠨ ᠡᠷᠭᠢᠯᠡᠪᠡ᠃ ᠤᠯᠤᠰ ᠤᠨ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠵᠤᠷᠭᠠᠨ ᠤ | ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠯᠢ ᠵᠦᠩ ᠰᠢᠶᠧ ᠠᠵᠢᠯᠯᠠᠭ᠎ᠠ ᠳᠤ ᠣᠷᠣᠯᠴᠠᠵᠤ᠂ ᠥᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠳᠡᠳ᠋ ᠡᠷᠬᠢᠯᠡᠭᠴᠢ ᠺᠠᠩ ᠢᠦᠢ ᠹᠧᠩ ᠶᠠᠷᠢᠶ᠎ᠠ ᠲᠠᠯᠪᠢᠵᠤ᠂ ᠬᠤᠳᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠨ ᠱᠤᠸᠠᠩ ᠪᠠᠶᠠᠷ ᠤᠨ ᠦᠭᠡ ᠬᠡᠯᠡᠵᠦ᠂ | ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠵᠠᠩ ᠮᠢᠩ ᠮᠢᠩ ᠠᠵᠢᠯᠯᠠᠭ᠎ᠠ ᠶᠢ | ᠡᠷᠬᠢᠯᠡᠪᠡ᠃ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠦᠨᠳᠦᠰᠦᠨ ᠱᠠᠲᠤᠨ ᠤ ᠣᠯᠠᠨ ᠲᠦᠮᠡᠨ ᠤ ᠲᠥᠯᠥᠭᠡᠯᠡᠭᠴᠢᠳ ᠲᠠᠢ ᠬᠠᠮᠲᠤ ᠪᠠᠷ | ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ ᠡᠬᠢᠯᠡᠭᠦᠯᠪᠡ᠃ | ᠺᠠᠩ ᠢᠦᠢ ᠹᠧᠩ ᠪᠠᠶᠠᠷ ᠤᠨ ᠦᠭᠡ ᠳᠡᠭᠡᠨ ᠴᠢᠬᠤᠯᠠᠴᠢᠯᠠᠭᠰᠠᠨ ᠨᠢ᠂ ᠤᠬᠠᠭᠤᠯᠭ᠎ᠠ ᠶᠢᠨ ᠰᠠᠷ᠎ᠠ ᠶᠢᠨ ︵ᠭᠠᠷᠠᠭ︶ | ᠬᠤᠭᠤᠴᠠᠭᠠᠨ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠡᠩ ᠰᠢᠭᠤᠳ᠂ ᠨᠡᠩ ᠠᠮᠢᠳᠤᠯᠢᠭ᠂ | ᠤᠯᠠᠨ ᠲᠦᠮᠡᠨ ᠲᠠᠢ ᠨᠡᠩ ᠣᠶᠢᠷᠠᠲᠤᠭᠰᠠᠨ ᠬᠡᠯᠪᠡᠷᠢ ᠪᠠᠷ ᠦᠨᠳᠦᠰᠦᠲᠡᠨ ᠨᠦᠭᠦᠳ ᠤᠨ ᠤᠯᠠᠨ ᠲᠦᠮᠡᠨ ᠳᠤ | ᠤᠬᠠᠭᠤᠯᠭ᠎ᠠ ᠬᠥᠮᠦᠵᠢᠯ ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠦᠳᠦᠯᠦᠨ | ᠵᠢᠯᠣᠭᠤᠳᠴᠤ ᠪᠠᠶᠢᠭᠠᠳ ᠬᠠᠮᠲᠤ ᠶᠢᠨ ᠤᠬᠠᠮᠰᠠᠷ᠂ ᠡᠵᠡᠨ ᠬᠥᠮᠦᠨ ᠤ ᠤᠬᠠᠮᠰᠠᠷ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ ᠤᠬᠠᠮᠰᠠᠷ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠤᠬᠠᠮᠰᠠᠷ ᠢ ᠪᠠᠲᠤ ᠪᠤᠢ ᠪᠣᠯᠭᠠᠵᠤ᠂ | ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢ ᠤᠷᠢᠬᠠᠨ ᠰᠠᠯᠬᠢ ᠥᠭᠭᠢᠶᠡᠮᠦᠷ ᠬᠤᠷ᠎ᠠ᠂ | ᠠᠵᠢᠯᠯᠠᠭ᠎ᠠ ᠶᠢᠨ ᠲᠠᠯ᠎ᠠ ᠪᠠᠷ ᠬᠢ ᠵᠦᠭᠯᠡᠭᠦᠷ ᠪᠣᠯᠭᠠᠬᠤ ᠬᠡᠷᠡᠭᠲᠡᠢ ᠭᠡᠵᠡᠢ᠃ | ᠭᠤᠣᠯ ᠲᠠᠯᠠᠪᠤᠷ ᠤᠨ ᠠᠵᠢᠯᠯᠠᠭ᠎ᠠ ᠳᠡᠭᠡᠷ᠎ᠡ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠨᠢᠭᠳᠠᠷᠠᠨ | ᠪᠦᠯᠬᠦᠮᠳᠡᠵᠦ ᠰᠢᠷᠭᠠᠭᠤ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠶ᠎ᠠ︾ ᠭᠡᠬᠦ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ | ᠭᠤᠣᠯ ᠰᠡᠳᠦᠪᠲᠦ ᠦᠵᠡᠬᠦᠯᠦᠯᠬᠡ᠂ ᠬᠠᠷᠢᠯᠴᠠᠨ ᠬᠥᠳᠡᠯᠦᠯᠴᠡᠵᠦ ᠪᠡᠶᠡᠴᠢᠯᠡᠨ ᠣᠶᠢᠯᠠᠭᠠᠬᠤ᠂ ᠤᠷᠠᠨ ᠰᠠᠶᠢᠬᠠᠨ ᠤ | ᠬᠠᠮᠲᠤᠷᠠᠭᠰᠠᠨ ᠲᠣᠭᠯᠠᠯᠲᠠ᠂ ᠬᠡᠷᠡᠭ ᠤᠨ ᠵᠢᠱᠢᠶ᠎ᠡ ᠶᠢ ᠳᠡᠯᠭᠡᠨ ᠦᠵᠡᠭᠦᠯᠬᠦ ᠵᠡᠷᠭᠡ ᠤᠯᠠᠨ ᠭᠤᠭᠴᠤᠭ᠎ᠠ ᠪᠠᠷ | ᠳᠠᠮᠵᠢᠭᠤᠯᠤᠨ᠂ ᠬᠤᠳᠠ ᠶᠢᠨ ᠠᠷᠠᠳ ᠤᠨ ᠦᠵᠡᠵᠦ ᠰᠣᠨᠣᠰᠬᠤ ᠳᠤᠷᠠᠲᠠᠢ ᠬᠡᠯᠪᠡᠷᠢ ᠪᠠᠷ ᠵᠢᠷᠭᠠᠯ ᠵᠣᠪᠠᠯᠠᠩ ᠢᠶᠠᠨ | ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ | ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠤᠬᠠᠭᠤᠯᠤᠨ ᠲᠠᠶᠢᠯᠪᠤᠷᠢᠯᠠᠵᠤ᠂ ᠮᠠᠰᠢ | ᠤᠯᠠᠨ ᠬᠤᠳᠠ ᠶᠢᠨ ᠠᠷᠠᠳ ᠵᠢᠴᠢ ᠲᠤᠭᠤᠷᠢᠨ ᠦᠵᠡᠭᠰᠡᠳ ᠤᠨ ᠠᠩᠬᠠᠷᠤᠯ ᠢ ᠲᠠᠲᠠᠪᠠ᠃ ᠲᠤᠰ ᠡᠳᠦᠷ᠂ | ᠬᠠᠶᠢᠷᠤᠪ ᠤᠨ ᠲᠤᠬᠤᠢ ᠶᠢᠨ ᠬᠦᠯᠦᠰᠦᠨ ᠠᠵᠢᠯᠴᠢᠨ ᠤ ᠵᠠᠬ᠎ᠠ ᠳᠡᠯᠭᠡᠭᠦᠷ ᠲᠤ ᠠᠵᠢᠯᠯᠠᠭ᠎ᠠ ᠶᠢᠨ ᠬᠤᠪᠢᠶᠠᠷᠢ | ᠬᠤᠷᠠᠯ ᠤᠨ ᠲᠠᠯᠠᠪᠠᠢ ᠲᠤᠬᠢᠷᠠᠭᠤᠯᠵᠤ᠂ ᠡᠯ᠎ᠡ ᠲᠦᠷᠦᠯ ᠤᠨ ᠬᠤᠯᠪᠤᠭᠳᠠᠯ ᠪᠦᠬᠦᠢ ᠠᠵᠢᠯᠯᠠᠭ᠎ᠠ ᠶᠢ ᠵᠡᠷᠭᠡᠪᠡᠷ | ᠥᠷᠨᠢᠭᠦᠯᠪᠡ᠃ |