ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2025 ᠣᠨ ᠤ 6 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/25
     4 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2025 ᠣᠨ ᠤ 6 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ  ᠶᠢᠨ ︽ᠰᠣᠶᠣᠯ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠳᠡᠢ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠭᠰᠠᠨ ᠠᠴᠠ ᠣᠯᠤᠭᠰᠠᠨ ᠢᠯᠡᠳᠲᠡ ᠦᠷ᠎ᠡ ᠪᠦᠲᠦᠮᠵᠢ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠵᠢᠯ ᠤᠨ ᠭᠤᠣᠯ ᠰᠢᠵᠢᠮ ᠪᠤᠯᠭᠠᠬᠤ ᠶᠢᠨ ᠲᠣᠭᠤᠷᠢᠨ ᠳᠤ ᠤᠮᠠᠷᠠᠲᠤ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠰᠣᠶᠣᠯ ᠢ ᠤᠯᠠᠮᠵᠢᠯᠠᠨ ᠬᠠᠮᠠᠭᠠᠯᠠᠬᠤ  ᠪᠠᠨ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠢ ᠦᠨᠡᠨᠬᠦ ᠠᠵᠤ ᠦᠢᠯᠡᠰ ᠤᠨ ᠳᠠᠪᠠᠭᠤᠯᠢᠭ᠂ ᠬᠤᠳᠠ ᠶᠢᠨ ᠠᠮᠢᠵᠢᠷᠠᠯ ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ‌‍ᠤᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠥᠪᠡᠷᠲᠡᠭᠡᠨ ᠵᠠᠰᠠᠬᠤ ᠣᠷᠣᠨ ᠪᠣᠯᠤᠨ ᠮᠠᠨ ᠤ ᠬᠤᠳᠠ‌‍ᠶᠢᠨ ᠠᠷᠠᠳ‌‍ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠤᠯᠠᠨ ᠲᠦᠮᠡᠨ ᠳᠤ ᠰᠤᠷᠲᠠᠯ ᠢᠶᠠᠨ ᠬᠤᠪᠢᠷᠠᠭᠤᠯᠵᠤ ᠰᠢᠨ᠎ᠡ ᠰᠤᠷᠲᠠᠯ ᠢ ᠪᠤᠢ ᠪᠣᠯᠭᠠᠭᠰᠠᠨ ᠰᠢᠨ᠎ᠡ ᠬᠤᠪᠢᠷᠠᠯᠲᠠ ᠶᠢ ᠦᠨᠡᠨ ᠬᠦ ᠮᠡᠳᠡᠷᠡᠭᠦᠯᠬᠦ ᠬᠡᠷᠡᠭᠲᠡᠢ᠃ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠬᠡᠪ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ︽ᠲᠠᠪᠤᠨ ᠶᠡᠭᠡ ᠡᠭᠦᠷᠭᠡ︾ ︽ᠵᠢᠷᠭᠤᠭᠠᠨ ᠢᠨᠵᠧᠨᠧᠷᠢᠩ︾ ︽ᠵᠢᠷᠭᠤᠭᠠᠨ ᠠᠵᠢᠯᠯᠠᠭ᠎ᠠ︾ ᠪᠣᠯᠤᠨ ᠮᠠᠨ ᠤ ᠬᠤᠳᠠ‌‍ᠶᠢᠨ ︽ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ︾ ᠢ ᠦᠷᠭᠦᠯᠵᠢᠯᠡᠨ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠡᠯ᠎ᠡ ᠵᠦᠢᠯ‌‍ᠤᠨ ᠠᠵᠢᠯ ᠤᠨ ᠬᠤᠷᠳᠤᠴᠠ‌‍ᠪᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠨᠠᠮᠴᠢ ᠴᠢᠨᠠᠷ ᠨᠠᠮ‌‍ᠤᠨ ᠰᠤᠷᠲᠠᠯ ᠨᠠᠮ‌‍ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ᠂ ᠰᠤᠷᠲᠠᠯ‌‍ᠢᠶ᠋ᠠᠨ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠲᠤᠭᠳᠠᠭᠠᠯ ᠢ ᠪᠠᠰᠣᠮᠵᠢᠯᠠᠵᠤ ᠰᠠᠬᠢᠯᠭ᠎ᠠ ᠪᠠᠲᠤ ᠶᠢ ᠵᠦᠷᠢᠴᠡᠭᠰᠡᠨ᠂ ᠳᠠᠯᠳᠠ ᠬᠤᠪᠢᠷᠠᠯᠲᠠ ᠭᠠᠷᠤᠭᠰᠠᠨ ︽ᠲᠦᠷᠪᠡᠨ ᠰᠤᠷᠲᠠᠯ︾ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠤᠯᠤᠰ ᠲᠦᠷᠦ‌‍ᠶᠢᠨ ᠠᠮᠢ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠰᠠᠭᠤᠳᠠᠯ ᠤᠨ ᠨᠠᠷᠢᠨ ᠲᠠᠩᠰᠠ︾ ᠶᠢ ᠬᠢᠨᠠᠨ ᠵᠥᠪᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号