ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ 2025 ᠣᠨ ᠤ ᠬᠤᠶᠠᠳᠤᠭᠠᠷ ᠤᠯᠠᠷᠢᠯ ᠤᠨ ᠠᠵᠢᠯ ᠤᠨ ᠬᠤᠷᠠᠯ ᠵᠢᠴᠢ ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/27
     4 ᠰᠠᠷ᠎ᠠ ᠶᠢᠨ 24 ᠤ ᠡᠳᠦᠷ᠂ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ 2025 ᠣᠨ ᠤ ᠬᠤᠶᠠᠳᠤᠭᠠᠷ ᠤᠯᠠᠷᠢᠯ ᠤᠨ ᠠᠵᠢᠯ ᠤᠨ ᠬᠤᠷᠠᠯ ᠵᠢᠴᠢ ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢ ᠳ᠋ᠦᠩ ᠬᠤᠷᠠᠯ ᠡᠷᠭᠢᠯᠡᠵᠦ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ ᠣᠳᠣᠬᠠᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠤᠬᠢᠷᠠᠭᠤᠯᠤᠯᠳᠠ ᠪᠠᠶᠢᠷᠢᠯᠠᠭᠤᠯᠤᠯᠳᠠ ᠬᠢᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠢᠮᠠᠭᠲᠠ ᠴᠢᠩᠭ᠎ᠠ ᠠᠳᠬᠤᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠭᠡᠮ ᠰᠣᠭᠤᠭ ᠢ ᠠᠷᠢᠯᠭᠠᠬᠤ᠂ ᠠᠳᠡᠯ ᠢ ᠬᠤᠷᠢᠭᠯᠠᠬᠤ᠂ ᠠᠮᠤᠷ ᠲᠦᠪᠰᠢᠨ ᠢ ᠪᠠᠲᠤᠯᠠᠬᠤ ᠡᠯ᠎ᠡ ᠵᠦᠢᠯ ᠤᠨ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠢᠮᠠᠭᠲᠠ ᠨᠠᠷᠢᠨ ᠨᠢᠮᠪᠠᠶ ᠠᠳᠬᠤᠵᠤ᠂ ᠥᠴᠦᠬᠡᠨ ᠴᠦ ᠠᠭᠤᠴᠢᠯᠠᠬᠤ ᠥᠬᠡᠶ ᠣᠪᠣᠷ᠂ ᠬᠡᠪ ᠤᠨ ᠪᠠᠶᠢᠳᠠᠯ ᠠᠴᠠ ᠳᠠᠪᠠᠭᠰᠠᠨ ᠠᠷᠭ᠎ᠠ ᠪᠠᠷᠢᠯ᠂ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠪᠠᠷ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠵᠦ᠂ ᠠᠶᠤᠯ ᠲᠦᠭᠰᠢᠭᠦᠷᠢ ᠶᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠬᠡᠷᠡᠭᠲᠡᠶ᠃ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠢᠮᠠᠭᠲᠠ ᠴᠢᠩᠭ᠎ᠠ ᠠᠳᠬᠤᠵᠤ᠂ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠪᠠᠷᠢᠯᠭ᠎ᠠ ᠶᠢᠨ ᠠᠵᠢᠯ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠮᠥᠨ ᠴᠢᠨᠠᠷ ᠤᠨ ᠠᠮᠤᠷ ᠲᠦᠪᠰᠢᠨ ᠤ ᠲᠦᠪᠰᠢᠨ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠢᠮᠠᠭᠲᠠ ᠪᠠᠲᠤ ᠴᠢᠩᠭ᠎ᠠ ᠡᠭᠦᠷᠭᠡᠯᠡᠵᠦ᠂ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ︽5.1︾ ᠤ ᠠᠮᠠᠷᠠᠯᠳᠠ ᠶᠢᠨ ᠬᠤᠭᠤᠴᠠᠭᠠᠨ ᠳᠠᠬᠢ ᠵᠢᠵᠢᠭᠦᠷᠯᠡᠨ ᠰᠠᠬᠢᠬᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠵᠡᠷᠭᠡ ᠠᠵᠢᠯ ᠤᠨ ᠲᠤᠬᠠᠢ ᠪᠠᠶᠢᠷᠢᠯᠠᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号