4 ᠰᠠᠷ᠎ᠠ ᠶᠢᠨ 25 ᠤ ᠡᠳᠦᠷ᠂ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠠᠷᠪᠠᠳᠤᠭᠠᠷ | ᠬᠤᠭᠤᠴᠠᠭᠠᠨ ᠤ ᠬᠤᠷᠢᠨ ᠬᠤᠶᠠᠲᠤᠭᠠᠷ ᠤᠲᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ᠃ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ᠂ ᠬᠤᠲᠠ ᠶᠢᠨ | ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ ᠬᠤᠷᠠᠯ ᠡᠷᠭᠢᠯᠡᠭᠰᠡᠨ ᠪᠥᠭᠡᠳ ᠶᠠᠷᠢᠶ᠎ᠠ | ᠲᠠᠯᠪᠢᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠦ᠋ ᠶᠧ ᠸᠧᠨ᠂ ᠵᠠᠩ ᠬᠤᠩ ᠪᠢᠨ᠂ | ᠱᠣᠤ ᠵᠧᠩ ᠸᠧᠨ᠂ ᠯᠢ ᠾᠦᠢ ᠫᠢᠩ᠂ ᠭᠦᠸᠧ ᠴᠠᠩ ᠠᠨ᠂ ᠯᠢ ᠾᠧ ᠫᠢᠩ᠂ ᠯᠢᠦ ᠴᠠᠩ ᠾᠦᠢ᠂ ᠨᠠᠷᠢᠨ ᠪᠢᠴᠢᠭ ᠤᠨ | ᠳᠠᠷᠤᠭ᠎ᠠ ᠵᠣᠣ ᠽᠢ ᠴᠧᠩ ᠵᠢᠴᠢ ᠪᠠᠶᠢᠩᠭᠤ ᠶᠢᠨ ᠭᠡᠰᠢᠭᠦᠨ ᠨᠡᠶᠢᠲᠡ 29 ᠬᠥᠮᠦᠨ ᠬᠤᠷᠠᠯ ᠳᠤ ᠣᠷᠣᠯᠴᠠᠪᠡ᠃ | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠬᠤᠶᠠᠷ ᠬᠤᠷᠠᠯ ᠤᠨ ᠪᠦᠯᠬᠦᠮ | ᠳᠤᠭᠤᠶᠢᠯᠠᠩ ᠤᠨ ᠬᠢᠨᠠᠨ ᠵᠦᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ︔ ᠬᠤᠯᠪᠣᠭᠳᠠᠯ ᠪᠦᠬᠦᠢ ᠠᠵᠢᠯᠳᠠᠨ ᠤ ᠶᠠᠪᠤᠳᠠᠯ ᠤᠨ ᠵᠦᠢᠯᠡᠰ ᠪᠣᠯᠤᠨ ︽ᠦᠬᠠᠢ ᠬᠤᠳᠠ ᠶᠢᠨ | ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠬᠥᠲᠥᠯᠪᠦᠷᠢ︾ ᠵᠡᠷᠭᠡ 15 ᠵᠦᠢᠯ ᠤᠨ ᠲᠦᠷᠢᠮ᠂ | ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠪᠠ᠃ | ᠯᠢ ᠴᠦᠨ ᠰᠢᠶᠤᠤ ᠬᠡᠯᠡᠭᠰᠡᠨ ᠨᠢ᠂ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠬᠤ ᠶᠢ ᠤᠯᠤᠰ ᠲᠥᠷᠥ ᠶᠢᠨ ᠵᠥᠪᠯᠡᠯᠭᠡᠨ ᠤ ᠪᠥᠬᠦ ᠠᠵᠢᠯ ᠤᠨ ᠳᠤᠮᠳᠠ ᠪᠠᠨ | ᠲᠣᠣᠱᠯᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠦᠢᠯᠡᠰ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ | ᠪᠠᠲᠤᠯᠠᠬᠤ ᠬᠡᠷᠡᠭᠲᠡᠶ︔ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠪᠦᠬᠦ ᠬᠤᠲᠠ ᠶᠢᠨ ᠡᠯ᠎ᠡ ᠱᠠᠲᠤᠨ ᠤ | ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠲᠣᠰ ᠪᠡᠶ᠎ᠡ ᠶᠢᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤᠮᠳᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠶ ᠵᠢᠳᠬᠦᠯ ᠴᠢᠷᠮᠠᠶᠢᠯᠭ᠎ᠠ | ᠭᠠᠷᠭᠠᠬᠤ ᠬᠡᠷᠡᠭᠲᠡᠶ︔ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠦᠵᠡᠯ ᠰᠠᠨᠠᠭ᠎ᠠ | ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠬᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ | ᠨᠢᠭᠲᠠᠷᠠᠭᠤᠯᠬᠤ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠭᠤᠤᠯ ᠭᠤᠭᠴᠤᠭ᠎ᠠ ᠪᠣᠯᠭᠠᠵᠤ᠂ | ᠠᠯᠢᠪᠠ ᠢᠳᠡᠪᠬᠢ ᠬᠦᠴᠦᠨ ᠵᠦᠢᠯ ᠢ ᠳᠠᠶᠢᠴᠢᠯᠠᠵᠤ᠂ ᠪᠥᠬᠦ ᠬᠤᠲᠠ ᠶᠢᠨ ᠥᠭᠡᠷᠡᠴᠢᠯᠡᠯᠲᠡ ᠬᠥᠭᠵᠢᠯᠲᠡ ᠳᠤ ᠣᠯᠠᠨ ᠤ | ᠣᠶᠤᠨ ᠤᠬᠠᠭᠠᠨ ᠢ ᠥᠷᠭᠡᠨ ᠢᠶᠠᠷ ᠲᠥᠪᠯᠡᠷᠡᠭᠦᠯᠵᠦ᠂ ᠰᠠᠶᠢᠨ ᠠᠷᠭ᠎ᠠ ᠪᠣᠳᠣᠯᠭ᠎ᠠ ᠶᠢ ᠥᠷᠭᠡᠨ ᠢᠶᠠᠷ ᠰᠦᠪᠡᠭᠴᠢᠯᠡᠵᠦ᠂ | ᠬᠠᠮᠲᠤᠷᠠᠯ ᠬᠦᠴᠦᠨ ᠢ ᠥᠷᠭᠡᠨ ᠢᠶᠠᠷ ᠬᠤᠷᠠᠮᠳᠤᠭᠤᠯᠬᠤ ᠬᠡᠷᠡᠭᠲᠡᠶ︔ ᠰᠠᠭᠤᠷᠢ ᠪᠠᠨ ᠪᠠᠲᠤᠳᠬᠠᠨ ᠦᠨᠳᠦᠰᠦ ᠪᠠᠨ | ᠪᠠᠬᠢᠵᠢᠭᠦᠯᠬᠦ ᠶᠢ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠰᠤᠷᠲᠠᠯ ᠤᠨ | ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠠᠵᠢᠯ ᠤᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠬᠦ ᠶᠢ ᠪᠠᠲᠤᠯᠠᠵᠤ᠂ | ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠵᠤ᠂ ᠰᠣᠳᠣᠨ ᠪᠦᠲᠦᠭᠡᠯ ᠤᠨ ᠤᠬᠠᠮᠰᠠᠷ ᠢ ᠪᠣᠶ | ᠪᠣᠯᠭᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ ᠬᠡᠷᠡᠭᠲᠡᠶ ᠭᠡᠵᠡᠢ᠃ |