4 ᠰᠠᠷ᠎ᠠ ᠶᠢᠨ 24 ᠤ ᠡᠳᠦᠷ᠂ ᠪᠥᠬᠦ ᠬᠤᠲᠠ ᠶᠢᠨ 2025 ᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ | ᠶᠠᠪᠤᠭᠳᠠᠪᠠ᠃ ᠲᠣᠰ ᠤᠳᠠᠭᠠᠨ ᠤ ᠪᠣᠯᠪᠠᠰᠤᠷᠠᠯ ᠤᠨ ᠵᠤᠷᠢᠯᠭ᠎ᠠ ᠨᠢ ᠪᠥᠬᠦ ᠬᠤᠲᠠ ᠶᠢᠨ ᠪᠣᠯᠪᠠᠰᠤᠨ ᠤ | ᠦᠢᠯᠡᠳᠦᠯᠭᠡ ᠶᠢᠨ ᠺᠠᠳ᠋ᠷᠴᠤᠳ ᠤᠨ ᠴᠢᠳᠠᠪᠤᠷᠢ ᠪᠠ ᠬᠢᠷᠢ ᠲᠦᠪᠰᠢᠨ ᠢ ᠨᠢ ᠳᠡᠭᠡᠭᠰᠢᠯᠡᠭᠦᠯᠵᠦ᠂ ᠣᠨᠣᠯ ᠤᠨ | ᠤᠬᠠᠭᠤᠯᠤᠨ ᠲᠠᠶᠢᠯᠪᠤᠷᠢᠯᠠᠬᠤ᠂ ᠲᠥᠷᠥᠯ ᠵᠦᠢᠯ ᠢ ᠲᠥᠰᠦᠪᠯᠡᠬᠦ᠂ ᠰᠢᠨ᠎ᠡ ᠵᠠᠭᠤᠴᠢᠯᠠᠭᠤᠷ ᠤᠨ ᠬᠡᠷᠡᠭᠯᠡᠯᠲᠡ ᠵᠡᠷᠭᠡ | ᠲᠠᠯ᠎ᠠ ᠶᠢᠨ ᠬᠢᠷᠢ ᠲᠦᠪᠰᠢᠨ ᠪᠠ ᠦᠷ᠎ᠡ ᠪᠦᠲᠦᠮᠵᠢ ᠶᠢ ᠨᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃ | ᠳᠤᠮᠳᠠᠳᠤ ᠤᠯᠤᠰ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠳᠡᠭᠡᠳᠦ ᠵᠡᠷᠭᠡ ᠶᠢᠨ ᠯᠧᠺᠲ᠋ᠣᠷ ᠵᠦᠩ ᠫᠢᠩ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠪᠣᠯᠤᠨ | ᠡᠩᠨᠡᠭᠡᠨ ᠤ ᠪᠠᠶᠢᠭᠤᠯᠤᠯᠲᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ | ᠦᠢᠯᠡᠴᠢᠯᠡᠭᠡᠨ ᠤ ᠲᠦᠷᠦᠯ ᠵᠦᠢᠯ ᠤᠨ ᠰᠢᠨ᠎ᠡ ᠶᠢ ᠡᠭᠦᠳᠬᠦ ᠰᠡᠳᠬᠢᠬᠦᠢ ᠪᠣᠯᠤᠨ ᠵᠢᠷᠤᠭ ᠲᠥᠯᠥᠪᠯᠡᠭᠡ ᠶᠢᠨ | ᠭᠤᠣᠯᠳᠠᠯᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ ᠬᠢᠴᠢᠶᠡᠯ ᠣᠷᠣᠪᠠ᠃ ᠬᠤᠲᠠ ᠶᠢᠨ ᠨᠠᠮ ᠤᠨ ᠬᠤᠷᠢᠶᠠᠨ ᠤ | ᠯᠧᠺᠲ᠋ᠣᠷ ᠤᠨ ᠪᠦᠯᠬᠦᠮ ᠤᠨ ᠳᠠᠷᠤᠭ᠎ᠠ ᠵᠢᠶᠠᠩ ᠬᠦᠶ ᡁᠢ ︽ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠣᠨᠣᠯ ᠢ ᠬᠡᠷᠬᠢᠨ ᠤᠬᠠᠭᠤᠯᠤᠨ ᠲᠠᠶᠢᠯᠪᠤᠷᠢᠯᠠᠪᠠᠯ ᠨᠡᠩ ᠬᠡᠷᠡᠯ ᠬᠢᠯᠪᠠᠭ᠎ᠠ ᠲᠠᠢ ᠪᠤᠯᠬᠤ ᠪᠤᠢ︾ ᠭᠡᠬᠦ | ᠰᠡᠳᠦᠪ ᠢᠶᠠᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠨᠠᠮ ᠤᠨ ᠰᠢᠨ᠎ᠡ ᠶᠢ ᠡᠭᠦᠳᠬᠦ | ᠣᠨᠣᠯ ᠢ ᠤᠯᠠᠮᠵᠢᠯᠠᠨ ᠬᠥᠲᠥᠯᠦᠨ ᠳᠠᠭᠠᠭᠤᠯᠬᠤ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠦᠷᠭᠦᠯᠵᠢᠯᠡᠨ | ᠭᠦᠨᠵᠡᠭᠡᠶᠢᠷᠡᠭᠦᠯᠬᠦ᠂ ᠰᠢᠨ᠎ᠡ ᠬᠥᠮᠦᠨ ᠢ ᠬᠥᠮᠦᠵᠢᠭᠦᠯᠵᠦ ᠰᠢᠨ᠎ᠡ ᠰᠤᠷᠲᠠᠯ ᠢ ᠪᠣᠶ ᠪᠣᠯᠭᠠᠵᠤ ᠪᠠᠳᠠᠷᠠᠭᠤᠯᠬᠤ ᠵᠡᠷᠭᠡ | ᠭᠤᠤᠯᠳᠠᠯᠭ᠎ᠠ ᠲᠠᠢ ᠡᠭᠦᠷᠭᠡ ᠪᠠᠷ ᠭᠤᠤᠯᠯᠠᠭᠤᠯᠤᠨ᠂ ᠪᠣᠯᠪᠠᠰᠤᠨ ᠤ ᠦᠢᠯᠡᠳᠦᠯᠭᠡ ᠶᠢᠨ ᠭᠦᠨᠵᠡᠭᠡᠶᠢᠷᠡᠨ ᠪᠣᠳᠠᠲᠠᠶᠢᠵᠢᠵᠤ᠂ | ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠲᠠ ᠶᠢᠨ ᠬᠠᠮ | ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ ᠬᠤᠤ ᠿᠦᠢ ᠨᠠᠨ ︽ᠰᠢᠨ᠎ᠡ ᠵᠠᠭᠤᠴᠢᠯᠠᠭᠤᠷ ᠤᠨ ᠣᠬᠤᠷ | ᠸᠢᠳᠢᠤ᠋ ᠪᠠᠷ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠳᠤ ᠴᠢᠳᠠᠪᠣᠷᠢ ᠣᠯᠭᠤᠬᠤ ᠵᠦᠭᠯᠡᠭᠦᠷ︾ ᠢᠶᠠᠷ | ᠰᠡᠳᠦᠪ ᠪᠣᠯᠭᠠᠵᠤ᠂ ᠪᠤᠯᠪᠠᠰᠣᠷᠠᠯ ᠳᠤ ᠣᠷᠣᠯᠴᠠᠭᠰᠠᠳ ᠤᠨ ᠪᠣᠳᠠᠲᠠᠶ ᠠᠵᠢᠯ ᠤᠨ ᠳᠤᠮᠳᠠ ᠣᠬᠤᠷ ᠸᠢᠳᠢᠣ᠋ ᠭᠡᠬᠦ ᠡᠨᠡ | ᠬᠦ ᠤᠬᠠᠭᠤᠯᠭ᠎ᠠ ᠶᠢᠨ ᠭᠠᠷᠳᠠᠴᠠ ᠶᠢ ᠬᠡᠷᠬᠢᠨ ᠰᠠᠶᠢᠲᠤᠷ ᠬᠡᠷᠡᠭᠯᠡᠬᠦ ᠳᠤ ᠵᠢᠯᠤᠭᠤᠲᠤᠯᠭ᠎ᠠ ᠬᠢᠪᠡ᠃ | ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠭᠰᠠᠳ ᠢᠯᠡᠷᠭᠡᠶᠢᠯᠡᠭᠰᠡᠨ ᠨᠢ᠂ ᠲᠣᠰ ᠤᠳᠠᠭᠠᠨ ᠤ | ᠪᠣᠯᠪᠠᠰᠤᠷᠠᠯ ᠨᠢ ᠲᠣᠰ ᠪᠡᠶ᠎ᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠦᠭᠰᠡᠨ ᠢᠶᠠᠷ ᠪᠠᠷᠠᠬᠤ | ᠥᠬᠡᠶ ᠪᠠᠰᠠ ᠰᠢᠯᠢᠳᠡᠭ ᠲᠤᠷᠰᠢᠯᠭ᠎ᠠ ᠪᠠᠷ ᠲᠣᠯᠢ ᠪᠣᠯᠭᠠᠵᠤ᠂ ᠬᠤᠶᠢᠰᠢᠳᠠ ᠶᠢᠨ ᠨᠡᠶᠢᠭᠡᠮ ᠲᠣᠭᠤᠷᠢᠭ ᠲᠤ ᠨᠠᠩ ᠰᠠᠶᠢᠨ | ᠦᠢᠯᠡᠴᠢᠯᠡᠵᠦ᠂ ᠪᠣᠯᠪᠠᠰᠤᠨ ᠤ ᠦᠢᠯᠡᠳᠦᠯᠭᠡ ᠶᠢᠨ ᠠᠵᠢᠯ ᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ | ᠥᠭᠴᠡᠶ ᠭᠡᠵᠡᠶ᠃ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ | ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ ᠴᠧᠨ ᠵᠢᠶᠠ ᠯᠢ ᠭᠦᠨ ᠰᠡᠩᠬᠡᠷᠡᠭᠦᠯᠦᠯ | ᠬᠦᠷᠲᠡᠵᠦ ᠬᠡᠯᠡᠭᠰᠡᠨ ᠨᠢ᠂ ᠲᠤᠰ ᠤᠳᠠᠭᠠᠨ ᠤ ᠪᠣᠯᠪᠠᠰᠤᠷᠠᠯ ᠳᠤ ᠣᠷᠣᠯᠴᠠᠭᠰᠠᠨ ᠨᠢ ᠨᠠᠳᠠ ᠳᠤ ᠶᠡᠭᠡ ᠣᠯᠤᠯᠲᠠ ᠲᠠᠢ | ᠪᠤᠯᠵᠠᠢ᠂ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠴᠢᠬᠤᠯᠠ ᠴᠢᠨᠠᠷ ᠢ ᠨᠡᠩ ᠭᠦᠨᠵᠡᠭᠡᠢ ᠲᠠᠨᠢᠵᠤ᠂ ᠪᠣᠯᠪᠠᠰᠤᠨ ᠤ | ᠦᠢᠯᠡᠳᠦᠯᠭᠡ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ᠂ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠢᠲᠡᠭᠡᠯ ᠵᠣᠷᠢᠭ ᠢ ᠤᠯᠠᠮ ᠪᠠᠲᠤᠳᠬᠠᠪᠠ᠃ ᠵᠠᠯᠭᠠᠭᠠᠳ ᠪᠢ ᠨᠡᠩ ᠣᠷᠭᠢᠯᠤᠮ᠎ᠠ ᠬᠠᠯᠠᠭᠤᠨ | ᠰᠡᠳᠬᠢᠯᠭᠡ ᠪᠠ ᠨᠡᠩ ᠢᠳᠡᠪᠬᠢᠲᠡᠢ ᠠᠵᠢᠯᠯᠠᠭ᠎ᠠ ᠪᠠᠷ ᠢᠶᠠᠨ ᠬᠠᠶᠢᠨᠠᠨ ᠲᠣᠭᠤᠷᠢᠭ ᠤᠨ ᠪᠣᠯᠪᠠᠰᠤᠨ ᠤ ᠦᠢᠯᠡᠳᠦᠯᠭᠡ ᠶᠢᠨ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠤᠯᠠᠨ ᠲᠦᠮᠡᠨ ᠢ ᠨᠡᠩ ᠰᠠᠶᠢᠲᠤᠷ ᠨᠢᠭᠲᠠᠷᠠᠭᠤᠯᠵᠤ᠂ | ᠤᠯᠠᠨ ᠲᠦᠮᠡᠨ ᠢ ᠬᠦᠳᠦᠯᠦᠨ ᠵᠢᠯᠣᠭᠤᠳᠴᠤ᠂ ᠪᠤᠯᠪᠠᠰᠤᠨ ᠢᠶᠠᠷ ᠬᠥᠮᠦᠨ ᠢ ᠬᠦᠮᠦᠵᠢᠬᠦᠯᠵᠦ᠂ ᠰᠠᠶᠢᠨ ᠰᠠᠶᠢᠬᠠᠨ ᠬᠡᠪ | ᠵᠠᠩᠰᠢᠯ ᠲᠠᠢ ᠪᠣᠯᠭᠠᠨ᠎ᠠ ᠭᠡᠵᠡᠢ᠃ | ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠠᠵᠢᠯ ᠤᠨ ᠳᠤᠮᠳᠠ ᠢᠳᠡᠪᠬᠢᠲᠡᠢ ᠬᠠᠶᠢᠨ ᠰᠦᠪᠡᠭᠴᠢᠯᠡᠵᠦ᠂ ᠵᠣᠷᠢᠭᠲᠠᠢ ᠪᠠᠷ ᠦᠢᠯᠡᠳᠦᠯᠭᠡᠵᠢᠭᠦᠯᠵᠦ᠂ ᠲᠤᠰ | ᠭᠠᠵᠠᠷ ᠤᠨ ᠣᠨᠴᠠᠯᠢᠭ ᠲᠠᠢ ᠠᠯᠢ ᠤᠯᠠᠨ ᠲᠦᠷᠦᠯ ᠲᠡᠮᠳᠡᠭ ᠪᠦᠬᠦᠢ ᠲᠦᠷᠦᠯ ᠵᠦᠢᠯ ᠪᠣᠯᠤᠨ ᠤᠨᠴᠠᠯᠢᠬᠳᠤ | ᠠᠵᠢᠯᠯᠠᠭ᠎ᠠ ᠶᠢ ᠡᠭᠦᠳᠴᠦ᠂ ᠪᠦᠬᠦ ᠬᠤᠳᠠ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠵᠢᠷᠤᠮᠵᠢᠭᠤᠯᠬᠤ᠂ | ᠨᠠᠷᠢᠯᠢᠬᠵᠢᠭᠤᠯᠬᠤ᠂ ᠲᠦᠷᠦᠯ ᠳᠡᠮᠳᠡᠭᠵᠢᠭᠦᠯᠬᠦ ᠶᠢ ᠦᠷᠭᠦᠯᠵᠢᠯᠡᠨ ᠠᠬᠢᠭᠤᠯᠪᠠ᠃ ᠵᠠᠯᠭᠠᠭᠠᠳ᠂ ᠮᠠᠨ ᠤ ᠬᠤᠲᠠ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠣᠯᠠᠨ ᠲᠦᠮᠡᠨ ᠳᠤ | ᠢᠳᠡᠪᠬᠢᠲᠡᠶ ᠪᠠᠷ ᠰᠠᠶᠢᠨ ᠶᠠᠪᠤᠳᠠᠯ᠂ ᠪᠣᠳᠠᠲᠠᠶ ᠶᠠᠪᠤᠳᠠᠯ ᠬᠢᠵᠦ᠂ ᠰᠠᠭᠤᠭᠠᠯᠢ ᠠᠷᠠᠳ ᠣᠯᠠᠨ ᠤ ᠦᠢᠯᠡᠳᠪᠦᠷᠢᠯᠡᠯ | ᠠᠮᠢᠳᠤᠷᠠᠯ ᠤᠨ ᠳᠤᠮᠳᠠ ᠲᠤᠯᠭᠠᠷᠠᠵᠤ ᠪᠠᠶᠢᠭ᠎ᠠ ᠪᠠᠴᠢᠮ ᠬᠦᠴᠢᠷ ᠵᠣᠪᠠᠨᠢᠯ ᠡᠷᠡᠮᠡᠯᠵᠡᠯ ᠤᠨ ᠠᠰᠠᠭᠤᠳᠠᠯ ᠢ ᠨᠢ ᠦᠨᠡᠨ | ᠬᠦ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢ ᠬᠤᠲᠠ ᠬᠥᠳᠡᠭᠡ ᠳᠤ ᠴᠡᠴᠡᠭᠯᠡᠭᠦᠯᠦᠨ | ᠬᠥᠭᠵᠢᠭᠦᠯᠵᠦ᠂ ᠪᠣᠯᠪᠠᠰᠤᠨ ᠤ ᠰᠢᠨ᠎ᠡ ᠬᠡᠪ ᠰᠤᠷᠲᠠᠯ ᠢ ᠪᠣᠶ ᠪᠣᠯᠭᠠᠨ᠎ᠠ᠃ |