︽ᠤᠮᠠᠷᠠᠲᠤ ᠬᠢᠯᠢ ᠳᠠᠬᠢ ᠨᠤᠮ ᠣᠩᠰᠢᠯᠭ᠎ᠠ  ᠪᠢᠴᠢᠭ ᠤᠨ ᠦᠨᠦᠷᠲᠤ ᠦᠬᠠᠢ︾ ᠨᠠᠷᠠᠲᠤ ᠬᠥᠮᠦᠰ ᠤᠨ ᠲᠠᠶᠢᠯᠤᠮᠵᠢ ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2025/4/29
     4 ᠰᠠᠷ᠎ᠠ ᠶᠢᠨ 27 ᠤ ᠡᠳᠦᠷ᠂ ︽ᠤᠮᠠᠷᠠᠲᠤ ᠬᠢᠯᠢ ᠳᠠᠬᠢ ᠨᠤᠮ ᠣᠩᠰᠢᠯᠭ᠎ᠠ  ᠪᠢᠴᠢᠭ ᠤᠨ ᠦᠨᠦᠷᠲᠤ ᠦᠬᠠᠢ︾ ᠨᠠᠷᠠᠲᠤ ᠬᠥᠮᠦᠰ ᠤᠨ ᠲᠠᠶᠢᠯᠤᠮᠵᠢ ᠶᠢᠨ ᠠᠵᠢᠯᠯᠠᠭ᠎ᠠ ᠦᠬᠠᠶ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠶᠠᠪᠤᠭᠳᠠᠵᠤ᠂ ᠮᠠᠰᠢ ᠣᠯᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠠᠩᠬᠠᠷᠤᠯ ᠢ ᠲᠠᠳᠠᠪᠠ᠃      ᠲᠠᠶᠢᠯᠤᠮᠵᠢ ᠨᠢ ︽ᠥᠨᠳᠥᠷ ᠪᠦᠲᠦᠮᠵᠢᠲᠡᠶ ᠪᠠᠷ DeepSeeek ᠢ ᠠᠰᠢᠭᠯᠠᠶ᠎ᠠ᠄ 90% ᠶᠢᠨ ᠬᠦᠮᠦᠰ  ᠤᠨ ᠮᠡᠳᠡᠬᠦ ᠦᠭᠡᠢ ᠬᠡᠷᠡᠭᠯᠡᠬᠦ ᠤᠷ᠎ᠠ ᠮᠡᠷᠭᠡᠵᠢᠯ ᠢ ᠬᠠᠶᠢᠨ ᠰᠦᠪᠡᠭᠴᠢᠯᠡᠶ᠎ᠡ︾ ᠭᠡᠬᠦ ᠪᠠᠷ ᠰᠡᠳᠦᠪᠯᠡᠵᠦ᠂ DeepSeek ᠤᠨ ᠭᠤᠣᠯ ᠴᠢᠳᠠᠮᠵᠢ ᠶᠢ ᠰᠢᠰᠲ᠋ᠧᠮ ᠲᠠᠢ ᠵᠠᠳᠠᠯᠪᠠ᠃ ᠲᠠᠶᠢᠯᠤᠮᠵᠢ ᠬᠢᠭᠰᠡᠨ ᠪᠠᠭᠰᠢ ᠠᠩᠬᠠᠨ ᠤ ᠬᠡᠷᠡᠭᠯᠡᠯᠳᠡ ᠠᠴᠠ ᠪᠤᠯᠪᠠᠰᠣᠷᠠᠩᠭᠤᠢ ᠬᠡᠷᠡᠭᠯᠡᠬᠦ ᠬᠦᠷᠲᠡᠯ᠎ᠡ᠂ ᠶᠡᠭᠡ ᠬᠡᠮᠵᠢᠶᠡᠨ ᠤ ᠦᠨᠡᠨ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠮᠠᠰᠢ ᠣᠯᠠᠨ ᠪᠣᠳᠠᠲᠤ ᠬᠡᠷᠡᠭᠯᠡᠭᠡᠨ ᠤ ᠤᠷ᠎ᠠ ᠮᠡᠷᠭᠡᠵᠢᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠵᠤ᠂ ᠠᠭᠤᠯᠭ᠎ᠠ ᠨᠢ ᠣᠶᠤᠨᠴᠢ ᠪᠠᠷ ᠵᠣᠬᠢᠶᠠᠨ ᠪᠦᠲᠦᠭᠡᠬᠦ᠂ ᠲᠤᠭ᠎ᠠ ᠪᠠᠷᠢᠮᠲᠠ ᠶᠢ ᠵᠠᠳᠠᠯᠬᠤ᠂ ᠪᠤᠳᠤᠯᠢᠶᠠᠨᠲᠠᠶ ᠠᠰᠠᠭᠤᠳᠠᠯ ᠢ ᠬᠠᠷᠢᠭᠤᠯᠬᠤ ᠵᠡᠷᠭᠡ ᠣᠯᠠᠨ ᠡᠰᠢᠲᠦ ᠪᠠᠶᠢᠳᠠᠯ ᠢ ᠬᠠᠮᠤᠷᠴᠠᠶ᠃      ᠰᠠᠨᠠᠯ ᠪᠤᠳᠤᠯ ᠢᠶᠠᠨ ᠬᠠᠷᠢᠯᠴᠠᠨ ᠰᠣᠯᠢᠯᠴᠠᠬᠤ ᠭᠤᠭᠴᠤᠭ᠎ᠠ ᠳᠤ᠂ ᠠᠵᠢᠯᠯᠠᠭ᠎ᠠ ᠳᠤ ᠣᠷᠣᠯᠴᠠᠭᠰᠠᠳ ᠪᠣᠳᠠᠲᠠᠶ ᠠᠵᠢᠯ ᠤᠨ ᠳᠤᠮᠳᠠ ᠲᠤᠯᠭᠠᠷᠠᠭᠰᠠᠨ DeepSeek ᠬᠡᠷᠡᠭᠯᠡᠭᠡᠨ ᠤ ᠬᠦᠴᠢᠷ ᠠᠰᠠᠭᠤᠳᠠᠯ ᠤᠨ ᠲᠣᠭᠤᠷᠢᠨ ᠳᠤ ᠢᠳᠡᠪᠬᠢᠲᠡᠶ ᠪᠠᠷ ᠠᠰᠠᠭᠤᠯᠲᠠ ᠠᠰᠠᠭᠤᠵᠤ᠂ ᠲᠠᠶᠢᠯᠤᠮᠵᠢ ᠬᠢᠭᠰᠡᠨ ᠪᠠᠭᠰᠢ ᠠᠴᠠ ᠨᠢᠭᠡᠳ ᠨᠢᠭᠡ ᠪᠠᠷ ᠬᠦᠯᠢᠴᠡᠩᠭᠦᠶ ᠪᠠᠷ ᠬᠠᠷᠢᠭᠤᠯᠲᠠ ᠥᠭᠴᠦ᠂ ᠲᠤᠬᠠᠶ ᠶᠢᠨ ᠲᠠᠯᠠᠪᠠᠶ ᠳᠤ ᠬᠦᠷ ᠬᠥᠭᠵᠢᠶᠡᠨ ᠲᠠᠢ ᠶᠠᠷᠢᠯᠴᠠᠪᠠ᠃ ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠠᠵᠢᠯᠯᠠᠭ᠎ᠠ ᠳᠤ ᠣᠷᠣᠯᠴᠠᠭᠰᠠᠳ ᠢᠯᠡᠷᠭᠡᠶᠢᠯᠡᠭᠰᠡᠨ ᠨᠢ᠂ ᠲᠣᠰ ᠤᠳᠠᠭᠠᠨ ᠤ ᠲᠠᠶᠢᠯᠤᠮᠵᠢ  ᠶᠢᠨ ᠠᠭᠤᠯᠭ᠎ᠠ ᠪᠠᠷ ᠪᠠᠶᠠᠯᠢᠭ᠂ ᠵᠣᠬᠢᠶᠠᠮᠠᠯ ᠣᠶᠤᠨ ᠴᠢᠳᠠᠪᠤᠷᠢ ᠶᠢᠨ ᠲᠤᠬᠠᠶ ᠲᠠᠨᠢᠨ ᠮᠡᠳᠡᠬᠦᠢ ᠶᠢᠨ ᠵᠠᠭᠠᠭ ᠬᠢᠵᠠᠭᠠᠷ ᠢ ᠥᠷᠭᠡᠳᠬᠡᠭᠰᠡᠨ ᠢᠶᠠᠷ ᠪᠠᠷᠠᠬᠤ ᠥᠬᠡᠶ᠂ ᠪᠠᠰᠠ ᠴᠥᠭᠡᠨ ᠪᠤᠰᠤ ᠬᠡᠷᠡᠭᠯᠡᠭᠡᠨ ᠤ ᠤᠷ᠎ᠠ ᠮᠡᠷᠭᠡᠵᠢᠯ ᠰᠤᠷᠴᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠳᠤ ᠮᠠᠰᠢ ᠶᠡᠭᠡ ᠬᠠᠪᠰᠤᠷᠤᠯᠭ᠎ᠠ ᠲᠠᠢ ᠪᠤᠯᠵᠠᠢ ᠭᠡᠵᠡᠶ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号