ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠤᠨ ᠰᠤᠷᠤᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2025 ᠣᠨ ᠤ 5 ᠳ᠋ᠤᠭᠠᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/7
     4 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠤᠨ ᠰᠤᠷᠤᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2025 ᠣᠨ ᠤ 5 ᠳ᠋ᠤᠭᠠᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ 3 ᠰᠠᠷ᠎ᠠ ᠶᠢᠨ 31 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠵᠦ᠂ ᠲᠤᠤᠱᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠲᠥᠪ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠦᠴᠦᠯᠡᠨ ᠠᠬᠢᠭᠤᠯᠵᠤ᠂ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠭᠦᠭᠡᠬᠦ᠂ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠵᠡᠷᠭᠡ ᠭᠤᠣᠯᠳᠠᠯᠭ᠎ᠠ ᠲᠠᠢ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠦᠬᠠᠢ ᠶᠢᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠰᠤᠷᠤᠯᠴᠠᠬᠤ᠂ ᠪᠠᠶᠢᠴᠠᠭᠠᠬᠤ᠂ ᠰᠠᠶᠢᠵᠢᠷᠠᠭᠤᠯᠬᠤ ᠳᠡᠭᠡᠷ᠎ᠡ ᠬᠦᠴᠦ ᠲᠠᠯᠪᠢᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠰᠤᠷᠲᠠᠯ ᠢᠶᠠᠨ ᠬᠤᠪᠢᠷᠠᠭᠤᠯᠬᠤ ᠬᠡᠷᠡᠭᠲᠡᠢ᠃ ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠠᠲᠤ ᠪᠠᠬᠢ ᠪᠣᠶ ᠪᠣᠯᠭᠠᠨ ᠦᠢᠯᠡᠳᠦᠯᠭᠡᠵᠢᠭᠦᠯᠵᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠪᠠ ᠮᠠᠨ ᠤ ᠬᠤᠲᠠ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ᠂ ︽ᠠᠷᠪᠠᠨ ᠭᠤᠣᠯᠳᠠᠯᠭ᠎ᠠ ᠲᠠᠢ ᠠᠵᠢᠯ︾ ᠢ ᠠᠬᠢᠭᠤᠯᠬᠤ ᠲᠠᠢ ᠤᠶᠠᠯᠳᠤᠭᠤᠯᠵᠤ᠂ ︽ᠳᠠᠷᠤᠭᠠᠰᠤ ᠬᠥᠩᠭᠡᠷᠡᠭᠦᠯᠬᠦ᠂ ᠴᠢᠳᠠᠪᠤᠷᠢ ᠣᠯᠭᠤᠬᠤ᠂ ᠬᠦᠴᠢᠷᠳᠡᠯ ᠢ ᠨᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠬᠢᠨᠠᠨ ᠰᠢᠮᠳᠠᠭᠤᠯᠬᠤ︾ ᠵᠡᠷᠭᠡ ᠠᠵᠢᠯ ᠢᠶᠠᠨ ᠰᠠᠶᠢᠲᠤᠷ ᠬᠢᠬᠦ ᠯᠦᠭᠡ ᠨᠢᠭᠡᠳᠦᠯᠲᠡᠢ ᠲᠥᠯᠥᠪᠵᠢᠭᠦᠯᠵᠦ᠂ ᠡᠯ᠎ᠡ ᠵᠦᠢᠯ ᠤᠨ ᠠᠵᠢᠯ ᠤᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号