4 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠣᠨᠣᠯ ᠤᠨ | ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ᠲᠥᠪ ᠤᠨ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠶᠢᠨ ᠲᠣᠭᠤᠷᠢᠨ ᠳᠤ ᠬᠠᠮᠲᠤ ᠶᠢᠨ | ᠰᠤᠷᠤᠯᠴᠠᠯᠭ᠎ᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠬᠤᠷᠠᠯ ᠡᠷᠭᠢᠯᠡᠭᠰᠡᠨ ᠪᠥᠭᠡᠳ | ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ | ᠬᠤᠷᠠᠯ ᠳᠤ ᠣᠷᠣᠯᠴᠠᠵᠤ᠂ ᠯᠢ ᠠᠩ᠂ ᠯᠢ ᠳ᠋ᠦᠩ᠂ ᠿᠣᠣ ᠴᠥᠩ ᠱᠤ᠋᠂ ᠶᠠᠨ ᠱᠤᠸᠠᠩ ᠰᠠᠨᠠᠯ ᠢᠶᠠᠨ ᠰᠣᠯᠢᠯᠴᠠᠬᠤ | ᠶᠠᠷᠢᠶ᠎ᠠ ᠲᠠᠯᠪᠢᠪᠠ᠃ | ᠵᠧᠦ ᠶᠢᠨ ᠰᠢᠩ ᠬᠡᠯᠡᠭᠰᠡᠨ ᠨᠢ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠪᠣᠯ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠪᠣᠯᠤᠨ᠎ᠠ᠂ ᠮᠥᠨᠴᠦ ᠰᠠᠬᠢᠯᠭ᠎ᠠ ᠪᠠᠲᠤ ᠣᠪᠣᠷ ᠰᠤᠷᠲᠠᠯ ᠤᠨ | ᠲᠤᠬᠠᠢ ᠨᠢᠭᠡ ᠣᠳᠠᠭᠠᠨ ᠤ ᠲᠠᠬᠢᠨ ᠰᠢᠯᠭᠠᠯᠳᠠ᠂ ᠲᠠᠬᠢᠨ ᠳᠡᠭᠡᠭᠰᠢᠯᠡᠭᠦᠯᠤᠯᠳᠡ ᠪᠣᠯᠤᠨ᠎ᠠ᠃ ᠤᠯᠤᠰ ᠲᠦᠷᠦ ᠪᠠᠷ | ᠬᠦᠳᠦᠯᠦᠨ ᠳᠠᠭᠠᠭᠤᠯᠬᠤ ᠶᠢ ᠲᠤᠪᠤᠶᠢᠯᠭᠠᠵᠦ᠂ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠣᠶᠢᠯᠠᠭᠠᠬᠤ ᠳᠤᠮᠳᠠ | ᠨᠠᠮᠴᠢ ᠴᠢᠨᠠᠷ ᠢᠶᠠᠨ ᠴᠢᠩᠭᠠᠳᠬᠠᠵᠤ᠂ ᠦᠨᠳᠦᠰᠦ ᠰᠠᠭᠤᠷᠢ ᠪᠠᠨ ᠪᠠᠳᠣᠳᠬᠠᠵᠤ᠂ ᠰᠤᠷᠤᠯᠴᠠᠯᠭ᠎ᠠ ᠬᠥᠮᠦᠵᠢᠯ ᠢ ᠨᠠᠷᠢᠨ | ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠦᠨᠡᠨᠬᠦ | ᠨᠠᠮ ᠤᠨ ᠭᠡᠰᠢᠭᠦᠨ ᠺᠠᠳ᠋ᠷᠴᠤᠳ ᠤᠨ ᠡᠳᠦᠷ ᠲᠤᠳᠤᠮ ᠤᠨ ᠳᠠᠳᠬᠠᠯ ᠪᠠ ᠤᠬᠠᠮᠰᠠᠷᠲᠤ ᠵᠢᠷᠤᠮᠯᠠᠯ ᠪᠣᠯᠭᠠᠵᠤ᠂ ᠪᠣᠳᠠᠲᠤ | ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ | ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠩᠭ᠎ᠠ ᠪᠠᠶᠢᠴᠠᠭᠠᠵᠤ ᠪᠣᠳᠠᠲᠠᠢ | ᠰᠠᠶᠢᠵᠢᠷᠠᠭᠤᠯᠬᠤ ᠳᠤᠮᠳᠠ ᠠᠷᠬᠠᠭ ᠭᠡᠮ ᠢᠶᠠᠨ ᠵᠠᠰᠠᠵᠤ᠂ ᠬᠠᠷᠢᠭᠤᠴᠠᠯᠭ᠎ᠠ ᠡᠭᠦᠷᠭᠡᠯᠡᠬᠦ ᠶᠢ ᠠᠬᠢᠭᠤᠯᠵᠤ᠂ ᠠᠰᠠᠭᠤᠳᠠᠯ | ᠢᠶᠠᠨ ᠪᠣᠳᠠᠲᠠᠢ ᠨᠠᠷᠢᠯᠢᠭ ᠪᠠᠶᠢᠴᠠᠭᠠᠨ ᠳᠡᠯᠭᠡᠵᠦ᠂ ᠬᠠᠷᠠᠯᠲᠠ ᠲᠠᠢ ᠪᠠᠷ ᠴᠡᠭᠴᠡᠯᠡᠨ ᠵᠠᠰᠠᠵᠤ᠂ ᠨᠠᠮ ᠤᠨ ᠭᠡᠰᠢᠭᠦᠨ | ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠰᠢᠯᠢᠳᠡᠭ | ᠰᠤᠷᠲᠠᠯ ᠢᠶᠠᠷ ᠥᠭᠡᠷᠡᠴᠢᠯᠡᠯᠲᠡ ᠶᠢ ᠠᠳᠬᠤᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢ | ᠠᠬᠢᠭᠤᠯᠬᠤ ᠬᠡᠷᠡᠭᠲᠡᠢ᠃ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠤᠯᠠᠨ ᠲᠦᠮᠡᠨ ᠳᠤ ᠦᠢᠯᠡᠴᠢᠯᠡᠬᠦ | ᠳᠤᠮᠳᠠ ᠰᠤᠷᠲᠠᠯ ᠢᠶᠠᠨ ᠰᠠᠶᠢᠵᠢᠷᠠᠭᠤᠯᠵᠤ᠂ ᠲᠦᠷᠢ ᠲᠥᠷᠬᠦ ᠪᠠᠨ ᠱᠣᠭᠤᠵᠣ᠂ ︽ᠲᠦᠷᠪᠡ ᠶᠢ ᠦᠨᠳᠦᠰᠦᠨ ᠱᠠᠲᠤᠨ ᠳᠤ | ᠪᠠᠭᠤᠯᠭᠠᠬᠤ︾ ᠲᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠤᠯᠠᠨ ᠲᠦᠮᠡᠨ ᠤ ᠠᠰᠢᠭ ᠲᠤᠰᠠ ᠶᠢ ᠦᠨᠡᠨ ᠬᠦ | ᠬᠠᠮᠠᠭᠠᠯᠠᠬᠤ ᠬᠡᠷᠡᠭᠲᠡᠢ᠃ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠬᠤ ᠶᠢ ᠴᠢᠬᠤᠯᠠᠴᠢᠯᠠᠵᠤ᠂ | ᠬᠡᠷᠡᠭᠵᠢᠭᠦᠯᠵᠦ ᠨᠠᠶᠢᠳᠠᠪᠤᠷᠢᠵᠢᠭᠤᠯᠬᠤ ᠳᠤᠮᠳᠠ ᠰᠠᠬᠢᠯᠭ᠎ᠠ ᠪᠠᠲᠤ ᠶᠢ ᠴᠢᠩᠳᠠᠯᠠᠵᠤ᠂ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠬᠡᠯᠬᠢᠶ᠎ᠡ ᠶᠢ ᠤᠯᠠᠮ ᠴᠢᠨᠠᠭᠰᠢᠳᠠ ᠴᠢᠩᠭᠠᠯᠠᠵᠤ᠂ ᠰᠠᠬᠢᠯᠭ᠎ᠠ ᠪᠠᠲᠤ ᠶᠢᠨ | ᠱᠠᠭᠠᠷᠳᠠᠯᠭ᠎ᠠ ᠶᠢ ᠴᠢᠩᠳᠠᠯᠠᠵᠤ᠂ ᠲᠦᠷᠢᠮ ᠤᠨ ᠬᠡᠷᠡᠭᠵᠢᠭᠦᠯᠦᠯᠲᠡ ᠶᠢ ᠴᠢᠩᠭ᠎ᠠ ᠠᠳᠬᠤᠵᠤ᠂ ᠰᠤᠷᠲᠠᠯ ᠤᠨ | ᠪᠠᠶᠢᠭᠤᠯᠤᠯᠲᠠ ᠶᠢ ᠪᠠᠶᠢᠩᠭᠤᠵᠢᠭᠤᠯᠵᠤ ᠤᠷᠳᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ | ᠭᠡᠵᠡᠢ᠃ |