4 ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠲᠠ ᠶᠢᠨ ᠶᠡᠷᠦᠩᠬᠡᠶ ᠭᠤᠤᠯ ᠤᠨ ᠳᠠᠷᠤᠭ᠎ᠠ ᠶᠢᠨ ᠬᠤᠷᠠᠯ᠂ ᠬᠤᠲᠠ ᠶᠢᠨ | ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠶ ᠱᠦᠵᠢ ᠶᠢᠨ | ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠬᠤᠲᠠ ᠶᠢᠨ | ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠬᠤᠷᠠᠯ ᠡᠷᠭᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠶᠦᠨᠨᠠᠨ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠦᠬᠠᠢ ᠶᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ | ᠠᠳᠬᠤᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ︽ᠦᠨᠡᠨ︾ ᠰᠡᠳᠬᠦᠯ ᠳᠤ ᠨᠡᠶᠢᠲᠡᠯᠡᠭᠰᠡᠨ ︽ᠰᠢᠨᠵᠢᠯᠡᠬᠦ | ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ ᠠᠤᠭ᠎ᠠ ᠬᠠᠷᠠᠯᠲᠠ ᠲᠡᠰᠢ ᠡᠷᠡᠯᠬᠡᠭᠯᠡᠨ ᠤᠷᠤᠭᠰᠢᠯᠠᠶ᠎ᠠ︾ | ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠪᠡᠭᠡᠵᠢᠩ ᠥᠪᠥᠷ | ᠮᠣᠩᠭᠤᠯ ᠤᠨ ᠬᠠᠮᠲᠤᠷᠠᠯᠴᠠᠭᠠᠨ ᠤ ᠲᠣᠭᠲᠠᠴᠠ ᠳᠤ ᠲᠦᠰᠢᠭᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠬᠤ ᠶᠢ ᠰᠠᠶᠢᠲᠤᠷ ᠠᠳᠬᠤᠵᠤ᠂ | ᠨᠡᠩ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠦᠬᠠᠢ ᠳᠤ ᠬᠤᠪᠢᠷᠠᠭᠤᠯᠤᠨ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ | ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ ᠬᠡᠵᠡᠢ᠃ | ᠬᠤᠷᠠᠯ ᠠᠴᠠ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠯᠠᠵᠤ᠂ ᠠᠮᠤᠷ | ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ᠂ | ᠠᠭᠤᠷᠬᠠᠢ᠂ ᠬᠢᠮᠢ ᠶᠢᠨ ᠠᠵᠤ ᠦᠢᠯᠡᠳᠪᠦᠷᠢ᠂ ᠠᠷᠠᠳ ᠤᠨ ᠬᠡᠷᠡᠭᠯᠡᠭᠡᠨ ᠤ ᠳᠡᠯᠪᠡᠴᠢᠬᠦ ᠵᠡᠷᠭᠡ ᠠᠵᠢᠯ ᠲᠦᠷᠦᠯ ᠤᠨ | ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠶᠤᠯ ᠲᠦᠭᠰᠢᠭᠦᠷᠢ ᠶᠢᠨ ᠭᠡᠮ | ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠡᠯ᠎ᠡ | ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠳ᠋ᠡᠶᠢᠲ᠋ᠠ ᠪᠠᠷ ᠴᠢᠳᠠᠪᠤᠷᠢ | ᠣᠯᠭᠤᠬᠤ ᠶᠢ ᠴᠢᠩᠭᠠᠳᠬᠠᠵᠤ᠂ ᠰᠢᠨ᠎ᠡ ᠬᠡᠯᠪᠡᠷᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠢ | ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ 2024 ᠣᠨ ᠤ ᠭᠤᠣᠯ ᠮᠥᠷᠡᠨ ᠤ ᠳᠠᠷᠤᠭ᠎ᠠ ᠶᠢᠨ ᠳᠦᠷᠢᠮ᠂ ᠤᠢ ᠰᠢᠭᠤᠢ ᠶᠢᠨ ᠳᠠᠷᠤᠭ᠎ᠠ ᠶᠢᠨ | ᠳᠦᠷᠢᠮ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠤᠰᠤᠨ ᠤ ᠠᠮᠢ | ᠠᠬᠤᠢ ᠶᠢ ᠰᠡᠷᠭᠦᠭᠡᠬᠦ᠂ ᠤᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠵᠡᠷᠭᠡ ᠠᠵᠢᠯ ᠳᠤ | ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠪᠡ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃ |