4 ᠰᠠᠷ᠎ᠠ ᠶᠢᠨ 7 ᠤ ᠡᠳᠦᠷ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠬᠤᠲᠠ ᠶᠢᠨ ᠬᠤᠷᠢᠶ᠎ᠠ᠂ ᠬᠤᠲᠠ ᠶᠢᠨ | ᠦᠢᠯᠡᠳᠪᠦᠷᠢ ᠬᠤᠳᠠᠯᠳᠤᠭᠠᠨ ᠤ ᠬᠤᠯᠪᠤᠭᠠᠲᠤ ᠬᠤᠷᠠᠯ ᠪᠠ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ | 2025 ᠣᠨ ᠤ ᠭᠤᠤᠯᠳᠠᠯᠭ᠎ᠠ ᠲᠠᠢ ᠰᠡᠳᠦᠪ ᠢ ᠪᠠᠶᠢᠴᠠᠭᠠᠨ ᠰᠤᠳᠤᠯᠵᠤ ᠵᠥᠪᠳᠡᠯᠴᠡᠬᠦ ᠶᠠᠷᠢᠯᠴᠠᠬᠤ ᠬᠤᠷᠠᠯ | ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠶᠠᠨ ᠱᠤᠸᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠶᠠᠨ ᠱᠤᠸᠠᠩ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭᠠᠲᠤ ᠬᠤᠷᠠᠯ | ᠪᠠ ᠨᠠᠮ ᠪᠦᠯᠦᠭ ᠤᠨ ᠪᠤᠰᠤ ᠬᠥᠮᠦᠰ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ | ᠱᠤᠭᠤᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠢᠭᠡ ᠭᠤᠣᠯ | ᠰᠢᠵᠢᠮ ᠢ ᠲᠤᠤᠱᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ᠂ ︽ᠵᠢᠷᠭᠤᠭᠠᠨ ᠠᠵᠢᠯᠯᠠᠭ᠎ᠠ︾ ᠪᠣᠯᠤᠨ | ᠪᠦᠬᠦ ᠬᠤᠳᠠ ᠶᠢᠨ ︽ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ︾ ᠢ ᠥᠷᠨᠢᠭᠦᠯᠬᠦ ᠲᠠᠢ ᠨᠢᠭᠲᠠ ᠤᠶᠠᠯᠳᠤᠭᠤᠯᠵᠤ᠂ | ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠦᠬᠠᠢ ᠶᠢᠨ ᠬᠡᠯᠪᠡᠷᠢ ᠪᠠᠨ ᠬᠤᠪᠢᠷᠠᠭᠤᠯᠤᠨ | ᠬᠦᠭᠵᠢᠬᠦᠯᠬᠦ ᠳᠤ ᠰᠠᠨᠠᠯ ᠲᠤᠷᠠᠳᠤᠯᠭ᠎ᠠ ᠶᠢ ᠢᠯᠡᠭᠦᠬᠡᠨ ᠳᠡᠪᠰᠢᠭᠦᠯᠵᠦ᠂ ᠰᠠᠶᠢᠨ ᠠᠷᠭ᠎ᠠ ᠪᠤᠳᠤᠯᠭ᠎ᠠ ᠶᠢ ᠢᠯᠡᠭᠦᠬᠡᠨ | ᠭᠠᠷᠭᠠᠵᠤ᠂ ᠬᠠᠮᠲᠤ ᠪᠠᠷ ᠪᠦᠯᠬᠦᠮᠳᠡᠨ ᠲᠡᠮᠡᠴᠡᠬᠦ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠪᠠᠨ ᠲᠠᠰᠤᠷᠠᠯᠲᠠ | ᠦᠭᠡᠢ ᠪᠠᠬᠢᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ | ᠪᠢᠴᠢᠭᠯᠡᠬᠦ ᠳᠤ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠪᠡ᠃ | ᠡᠯ᠎ᠡ ᠠᠷᠠᠳᠴᠢᠯᠠᠭᠰᠠᠨ ᠨᠠᠮ ᠪᠦᠯᠦᠭ ᠤᠨ ᠬᠤᠳᠠ ᠶᠢᠨ ᠬᠤᠷᠢᠶ᠎ᠠ᠂ ᠬᠤᠳᠠ ᠶᠢᠨ ᠦᠢᠯᠡᠳᠪᠦᠷᠢ | ᠬᠤᠳᠠᠯᠳᠤᠭᠠᠨ ᠤ ᠬᠤᠯᠪᠤᠭᠠᠲᠤ ᠬᠤᠷᠠᠯ ᠤᠨ ᠬᠠᠷᠢᠭᠤᠴᠠᠯᠭᠠᠲᠠᠨ ᠪᠣᠯᠤᠨ ᠨᠠᠮ ᠪᠦᠯᠦᠭ ᠤᠨ ᠪᠤᠰᠤ ᠬᠥᠮᠦᠰ ᠤᠨ | ᠲᠥᠯᠥᠭᠡᠯᠡᠭᠴᠢ ᠶᠠᠷᠢᠶ᠎ᠠ ᠲᠠᠯᠪᠢᠪᠠ᠃ |