︽ᠬᠠᠷᠢᠶᠠᠲᠤ ᠶᠢᠨ ᠰᠡᠳᠬᠢᠯᠭᠡ ᠵᠢᠷᠤᠭ ᠲᠤ ᠠᠭᠤᠰᠣᠨᠠᠮ· ᠪᠢᠷ ᠪᠡᠭᠡᠰ ᠤᠨ ᠦᠨᠦᠷᠲᠤ ᠤᠮᠠᠷᠠᠲᠤ ᠬᠢᠯᠢ︾ ᠲᠠᠪᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠬᠠᠷᠢᠶᠠᠲᠤ ᠨᠠᠷ ᠤᠨ ᠤᠷᠠᠯᠢᠭ ᠤᠨ ᠪᠦᠲᠦᠭᠡᠯ ᠤᠨ ᠬᠤᠣᠰ ᠵᠢᠯ ᠤᠨ ᠦᠵᠡᠭᠦᠯᠦᠯᠭᠡ ︵ᠦᠬᠠᠢ ᠥᠷᠲᠡᠭᠡ︶ ᠡᠬᠢᠯᠡᠪᠡ
ᠨᠡᠶᠢᠲᠡᠯᠡᠭᠰᠡᠨ ᠴᠠᠭ᠄
2025/4/9
     4 ᠰᠠᠷ᠎ᠠ ᠶᠢᠨ 8 ᠤ ᠡᠳᠦᠷ᠂ ︽ᠬᠠᠷᠢᠶᠠᠲᠤ ᠶᠢᠨ ᠰᠡᠳᠬᠢᠯᠭᠡ ᠵᠢᠷᠤᠭ ᠲᠤ ᠠᠭᠤᠰᠣᠨᠠᠮ· ᠪᠢᠷ ᠪᠡᠭᠡᠰ ᠤᠨ ᠦᠨᠦᠷᠲᠤ ᠤᠮᠠᠷᠠᠲᠤ ᠬᠢᠯᠢ︾ ᠲᠠᠪᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠬᠠᠷᠢᠶᠠᠲᠤ ᠨᠠᠷ ᠤᠨ ᠤᠷᠠᠯᠢᠭ ᠤᠨ ᠪᠦᠲᠦᠭᠡᠯ ᠤᠨ ᠬᠤᠣᠰ ᠵᠢᠯ ᠤᠨ ᠦᠵᠡᠭᠦᠯᠦᠯᠭᠡ ︵ᠦᠬᠠᠢ ᠥᠷᠲᠡᠭᠡ︶ ᠤᠳᠤ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠤᠷᠠᠯᠢᠭ ᠤᠨ ᠣᠷᠳᠣᠨ ᠳᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠨ ᠱᠤᠸᠠᠩ᠂ ᠥᠪᠡᠷᠲᠡᠭᠡᠨ ᠵᠠᠰᠠᠬᠤ ᠣᠷᠣᠨ ᠤ ᠬᠠᠷᠢᠶᠠᠲᠤ ᠨᠠᠷ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ ᠯᠤᠸᠠᠨ ᠵᠦᠸᠧ ᠱᠧᠨ ᠠᠵᠢᠯᠯᠠᠭ᠎ᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠤᠷᠠᠨ ᠵᠢᠷᠤᠭᠴᠢᠳ ᠤᠨ ᠨᠡᠶᠢᠭᠡᠮᠯᠢᠭ ᠤᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠨᠥᠬᠦᠳ᠂ ᠬᠤᠳᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠥᠬᠦᠳ᠂ ᠦᠵᠡᠭᠦᠯᠦᠯᠭᠡ ᠳᠤ ᠣᠷᠣᠯᠴᠠᠭᠰᠠᠨ ᠣᠷᠠᠯᠢᠭᠴᠢᠳ ᠤᠨ ᠲᠥᠯᠥᠭᠡᠯᠡᠭᠴᠢ᠂ ᠬᠠᠷᠢᠶᠠᠲᠤ ᠨᠠᠷ ᠤᠨ ᠡᠲᠡᠭᠡᠳ ᠤᠨ ᠬᠥᠮᠦᠰ ᠲᠤᠬᠠᠢ ᠶᠢᠨ ᠲᠠᠯᠠᠪᠠᠢ ᠳᠤ ᠦᠵᠡᠭᠦᠯᠦᠯᠭᠡ ᠶᠢ ᠰᠣᠨᠢᠷᠬᠠᠪᠠ᠃      ᠲᠣᠰ ᠤᠳᠠᠭᠠᠨ ᠤ ᠦᠷᠳᠡᠭᠡ ᠦᠵᠡᠭᠦᠯᠦᠯᠭᠡ ᠶᠢ ᠥᠪᠡᠷᠲᠡᠭᠡᠨ ᠵᠠᠰᠠᠬᠤ ᠣᠷᠣᠨ ᠤ ᠬᠠᠷᠢᠶᠠᠲᠤ ᠨᠠᠷ ᠤᠨ ᠬᠤᠯᠪᠣᠭ᠎ᠠ᠂ ᠥᠪᠡᠷᠲᠡᠭᠡᠨ ᠵᠠᠰᠠᠬᠤ ᠣᠷᠣᠨ ᠤ ᠤᠷᠠᠨ ᠵᠢᠷᠤᠭᠴᠢᠳ ᠤᠨ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠣᠲᠣ ᠦᠶ᠎ᠡ ᠶᠢᠨ ᠤᠷᠠᠨ ᠵᠢᠷᠤᠭ ᠤᠨ ᠨᠡᠶᠢᠭᠡᠮᠯᠢᠭ᠂ ᠬᠤᠲᠠ ᠶᠢᠨ ᠬᠠᠷᠢᠶᠠᠲᠤ ᠨᠠᠷ ᠤᠨ ᠬᠤᠯᠪᠣᠭ᠎ᠠ ᠠᠴᠠ ᠳᠠᠭᠠᠭᠠᠴᠢᠯᠠᠨ ᠡᠷᠭᠢᠯᠡᠵᠦ᠂ ᠬᠤᠲᠠ ᠶᠢᠨ ᠤᠷᠠᠨ ᠵᠢᠷᠤᠭ ᠤᠨ ᠣᠷᠳᠣᠨ ᠬᠠᠮᠵᠢᠯᠴᠠᠨ ᠡᠷᠭᠢᠯᠡᠵᠦ᠂ ᠨᠡᠶᠢᠲᠡ 16 ᠤᠯᠤᠰ ᠤᠨ ᠬᠠᠷᠢᠶᠠᠲᠤ ᠨᠠᠷ ᠤᠨ ᠡᠲᠡᠭᠡᠳ ᠤᠨ 66 ᠤᠷᠠᠯᠢᠭᠴᠢᠳ ᠤᠨ ᠪᠦᠲᠦᠭᠡᠯ ᠢ ᠳᠡᠯᠭᠡᠨ ᠦᠵᠡᠭᠦᠯᠪᠡ᠃ ᠲᠣᠰ ᠤᠳᠠᠭᠠᠨ ᠤ ᠦᠷᠳᠡᠭᠡ ᠦᠵᠡᠭᠦᠯᠦᠯᠭᠡ ᠶᠢ ᠦᠬᠠᠢ ᠳᠤ ᠡᠷᠭᠢᠯᠡᠭᠰᠡᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠠᠵᠢᠯ ᠤᠨ ᠭᠤᠣᠯ ᠰᠢᠵᠢᠮ ᠪᠤᠯᠭᠠᠬᠤ ᠶᠢ ᠲᠤᠤᠱᠯᠠᠭᠤᠯᠵᠤ᠂ ᠤᠷᠠᠯᠢᠭ ᠢᠶᠠᠷ ᠬᠥᠭᠦᠷᠭᠡ ᠪᠣᠯᠭᠠᠵᠤ᠂ ᠳᠤᠮᠳᠠᠳᠤ ᠶᠢᠨ ᠰᠣᠶᠣᠯ ᠢᠶᠠᠷ ᠵᠠᠭᠤᠴᠢ ᠪᠣᠯᠭᠠᠵᠤ᠂ ᠬᠠᠷᠢᠶᠠᠲᠤ ᠨᠠᠷ ᠤᠨ ᠡᠲᠡᠭᠡᠳ ᠤᠨ ᠤᠷᠠᠯᠢᠭᠴᠢᠳ ᠤᠨ ᠰᠢᠯᠢᠳᠡᠭ ᠪᠦᠲᠦᠭᠡᠯ ᠢᠶᠠᠷ ᠳᠠᠮᠵᠢᠭᠤᠯᠤᠨ ᠤᠮᠠᠷᠠᠲᠤ ᠬᠢᠯᠢ ᠶᠢᠨ ᠰᠣᠶᠣᠯ ᠤᠨ ᠷᠢᠳᠢ ᠰᠢᠳᠢ ᠶᠢ ᠢᠯᠡᠷᠡᠭᠦᠯᠵᠦ᠂ ᠬᠠᠷᠢᠶᠠᠲᠤ ᠨᠠᠷ ᠤᠨ ᠡᠲᠡᠭᠡᠳ ᠤᠨ ᠤᠯᠤᠰ ᠭᠡᠷ ᠤᠨ ᠬᠠᠶᠢᠷ᠎ᠠ ᠰᠡᠳᠬᠢᠯᠭᠡ ᠪᠣᠯᠤᠨ ᠰᠣᠶᠣᠯ ᠤᠨ ᠢᠲᠡᠭᠡᠯ ᠢ ᠨᠢ ᠬᠥᠭᠵᠢᠭᠡᠵᠦ᠂ ᠥᠪᠥᠷ ᠮᠣᠩᠭᠤᠯ ᠤᠨ ᠨᠤᠲᠤᠭ ᠲᠠᠢ ᠬᠠᠷᠢᠶᠠᠲᠤ ᠠᠬ᠎ᠠ ᠳᠡᠭᠦᠦ ᠨᠡᠷ ᠢ ᠥᠷᠭᠡᠨ ᠢᠶᠠᠷ ᠪᠦᠯᠬᠦᠮᠳᠡᠭᠦᠯᠦᠨ ᠨᠢᠭᠲᠠᠷᠠᠭᠤᠯᠵᠤ᠂ ᠪᠦᠬᠦ ᠣᠷᠣᠨ ᠤ ︽ᠰᠢᠨ᠎ᠡ ᠵᠠᠮ ᠢ ᠨᠡᠭᠡᠭᠡᠵᠦ᠂ ᠲᠤᠮᠳᠠ ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠤᠶᠤᠨ ᠤᠬᠠᠭᠠᠨ ᠬᠦᠴᠦᠨ ᠴᠢᠳᠠᠯ ᠢ ᠨᠢ ᠨᠢᠭᠲᠠᠷᠠᠭᠤᠯᠬᠤ ᠶᠢᠨ ᠲᠥᠯᠥᠭᠡ ᠶᠤᠮ᠃      ᠥᠪᠡᠷᠲᠡᠭᠡᠨ ᠵᠠᠰᠠᠬᠤ ᠣᠷᠣᠨ ᠤ ᠬᠠᠷᠢᠶᠠᠲᠤ ᠨᠠᠷ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ ᠯᠤᠸᠠᠨ ᠵᠦᠸᠧ ᠱᠧᠨ ᠬᠡᠯᠡᠭᠰᠡᠨ ᠨᠢ᠂ ᠥᠪᠥᠷ ᠮᠣᠩᠭᠤᠯ ᠤᠨ ᠬᠠᠷᠢᠶᠠᠲᠤ ᠨᠠᠷ ᠤᠨ ᠤᠷᠠᠯᠢᠭ ᠤᠨ ᠪᠦᠲᠦᠭᠡᠯ ᠤᠨ ᠬᠤᠣᠰ ᠵᠢᠯ ᠤᠨ ᠦᠵᠡᠭᠦᠯᠦᠯᠭᠡ ᠶᠢ 10 ᠵᠢᠯ ᠤᠨ ᠲᠤᠷᠰᠢ ᠨᠢᠭᠡᠨᠲᠡ 5 ᠬᠤᠭᠤᠴᠠᠭ᠎ᠠ ᠠᠮᠵᠢᠯᠲᠠ ᠲᠠᠢ ᠡᠷᠬᠢᠯᠡᠵᠦ᠂ ᠲᠤᠰ ᠣᠳᠠᠭᠠᠨ ᠤ ᠦᠵᠡᠬᠦᠯᠦᠯᠭᠡ ᠶᠢ ᠦᠬᠠᠢ ᠳᠤ ᠡᠷᠭᠢᠯᠡᠭᠰᠡᠨ ᠨᠢ ᠪᠠᠰᠠ ᠴᠤ ᠲᠤᠰ ᠦᠵᠡᠬᠦᠯᠦᠯᠭᠡ ᠶᠢᠨ ᠠᠩᠬᠠᠳᠠᠭᠴᠢ ᠦᠷᠳᠡᠭᠡ ᠦᠵᠡᠭᠦᠯᠦᠯᠭᠡ ᠪᠣᠯᠤᠨ᠎ᠠ᠂ ᠪᠢᠳᠡ ᠲᠤᠰ ᠣᠳᠠᠭᠠᠨ ᠤ ᠳᠡᠯᠭᠡᠨ ᠦᠵᠡᠭᠦᠯᠦᠭᠰᠡᠨ ᠵᠠᠭᠤ ᠭᠠᠷᠤᠢ ᠤᠷᠠᠯᠢᠭ ᠤᠨ ᠰᠣᠳᠣᠨ ᠪᠦᠲᠦᠭᠡᠯ ᠢᠶᠠᠷ ᠳᠠᠮᠵᠢᠭᠤᠯᠤᠨ᠂ ᠦᠵᠡᠭᠴᠢᠳ ᠲᠤ ᠳᠤᠮᠳᠠᠳᠤ ᠶᠢᠨ ᠰᠣᠶᠣᠯ ᠤᠨ ᠤᠯᠠᠨ ᠡᠰᠢᠲᠦ ᠨᠢᠭᠡ ᠴᠣᠭᠴᠨ᠂ ᠬᠠᠷᠢᠶᠠᠲᠤ ᠨᠠᠷ ᠤᠨ ᠰᠡᠳᠬᠢᠯ ᠪᠠ ᠬᠠᠷᠢᠶᠠᠲᠤ ᠨᠠᠷ ᠤᠨ ᠬᠦᠴᠦᠨ ᠢ ᠨᠡᠩ ᠰᠠᠶᠢᠲᠤᠷ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠳᠤ ᠬᠦᠴᠦᠨ ᠴᠢᠳᠠᠯ ᠨᠢᠭᠲᠠᠷᠠᠭᠤᠯᠬᠤ ᠶᠢ ᠬᠦᠰᠡᠵᠦ ᠪᠠᠶᠢᠨ᠎ᠠ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号