ᠵᠧᠦ ᠶᠢᠨ ᠰᠢᠩ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2025/4/9
     4 ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠴᠢᠶᠣᠤ ᠢᠦᠶ ᠠᠵᠢᠯᠯᠠᠭ᠎ᠠ ᠳᠤ ᠣᠷᠣᠯᠴᠠᠪᠡ᠃      ᠵᠧᠦ ᠶᠢᠨ ᠰᠢᠩ ᠤᠷᠢᠳ ᠬᠤᠵᠢᠳ ᠥᠪᠥᠷ ᠮᠣᠩᠭᠤᠯ ᠤᠨ ᠴᠢᠩ ᠱᠠᠨ ᠵᠡᠮᠳᠡᠭᠴᠦᠳ ᠲᠤ ᠲᠤᠰᠠᠯᠠᠬᠤ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡᠨ ᠤ ᠲᠥᠪ᠂ ᠤᠯᠤᠰ ᠤᠨ ᠡᠨᠧᠷᠭᠢ ᠶᠢᠨ ᠪᠦᠯᠦᠭᠯᠡᠯ ᠤᠨ ᠦᠬᠠᠢ ᠶᠢᠨ ᠡᠨᠧᠷᠭᠢ ᠶᠢᠨ ᠺᠣᠮᠫᠠᠨᠢ ᠶᠢᠨ ᠠᠵᠢᠯᠳᠠᠨ ᠠᠵᠢᠯᠴᠢᠨ ᠤ ᠪᠣᠯᠪᠠᠰᠤᠷᠠᠯ ᠤᠨ ᠲᠥᠪ᠂ ᠬᠠᠶᠢᠷᠤᠪ ᠤᠨ ᠲᠤᠬᠤᠢ ᠶᠢᠨ ᠡᠮᠦᠨᠡᠲᠦ ᠬᠡᠰᠡᠭ ᠤᠨ ᠡᠳᠦᠷ ᠤᠨ ᠬᠦᠴᠦᠨ ᠤ ᠵᠠᠬ᠎ᠠ ᠳᠡᠯᠭᠡᠭᠦᠷ᠂ ᠦᠬᠠᠢ ᠬᠤᠳᠠ ᠶᠢᠨ ᠭᠡᠷ ᠠᠬᠤᠢ ᠶᠢᠨ ᠦᠢᠯᠡᠴᠢᠯᠡᠭᠡᠨ ᠤ ᠰᠠᠭᠤᠷᠢᠨ ᠭᠠᠵᠠᠷ ᠲᠤ ᠬᠦᠷᠴᠦ᠂ ᠵᠡᠮᠳᠡᠭᠴᠦᠳ ᠢ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ᠂ ᠠᠵᠤ ᠠᠬᠤᠶᠢᠯᠠᠯ ᠤᠨ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠥᠮᠦᠵᠢᠭᠦᠯᠬᠦ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ᠂ ᠭᠡᠷ ᠠᠬᠤᠢ ᠶᠢᠨ ᠦᠢᠯᠡᠴᠢᠯᠡᠭᠡᠨ ᠤ ᠪᠣᠯᠪᠠᠰᠤᠷᠠᠯ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠂ ᠨᠢᠭᠡ ᠲᠠᠯ᠎ᠠ ᠪᠠᠷ ᠲᠦᠭ ᠲᠦᠮᠡᠨ ᠠᠶᠢᠯ ᠡᠷᠦᠬᠡ ᠲᠠᠢ ᠬᠤᠯᠪᠣᠯᠳᠤᠵᠤ᠂ ᠨᠥᠭᠦᠭᠡ ᠲᠠᠯ᠎ᠠ ᠪᠠᠷ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ ᠪᠠᠶᠢᠳᠠᠭ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠲᠦᠷᠦᠯ ᠤᠨ ᠲᠠᠪᠴᠠᠩ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ᠂ ᠦᠢᠯᠡᠰ ᠪᠤᠰᠬᠠᠬᠤ ᠶᠢ ᠲᠡᠳᠬᠦᠬᠦ᠂ ᠪᠣᠳᠠᠲᠠᠢ ᠪᠣᠯᠪᠠᠰᠤᠷᠠᠯ ᠬᠢᠬᠦ ᠵᠡᠷᠭᠡ ᠲᠠᠯ᠎ᠠ ᠪᠠᠷ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠨᠡᠩ ᠴᠢᠨᠠᠷ ᠰᠠᠶᠢᠲᠠᠢ᠂ ᠨᠡᠩ ᠭᠦᠢᠴᠡᠳ ᠠᠵᠢᠯ ᠣᠯᠭᠤᠯᠲᠠ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠠᠷ ᠬᠥᠭᠵᠢᠯᠲᠡ ᠶᠢ ᠠᠬᠢᠭᠤᠯᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠤᠨ᠂ ᠠᠵᠢᠯ ᠣᠯᠭᠤᠯᠲᠠ ᠶᠢᠨ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠬᠤ ᠬᠡᠷᠡᠭᠲᠡᠶ᠃ ᠠᠮᠢᠳᠤᠯᠢᠭ ᠢᠶᠠᠷ ᠠᠵᠢᠯ ᠣᠯᠭᠤᠬᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠤᠨ ᠠᠵᠢᠯᠯᠠᠭᠠᠨ ᠤ ᠬᠠᠮᠢᠶᠠᠷᠤᠯᠲᠠ  ᠪᠠᠨ ᠴᠢᠩᠭᠠᠳᠬᠠᠵᠤ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠴᠢᠳᠠᠮᠵᠢ ᠪᠠᠨ ᠦᠷᠭᠦᠯᠵᠢᠯᠡᠨ ᠥᠷᠭᠡᠳᠬᠡᠵᠦ᠂ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ ᠴᠢᠩᠭᠠᠳᠬᠠᠵᠤ᠂ ᠣᠯᠠᠨ ᠲᠦᠮᠡᠨ ᠳᠤ ᠳᠥᠭᠦᠮ ᠳᠥᠲᠡ ᠥᠨᠳᠥᠷ ᠪᠦᠲᠦᠮᠵᠢᠲᠡᠶ ︽ᠬᠡᠷ ᠤᠨ ᠡᠬᠦᠳᠡᠨ ᠳᠠᠬᠢ︾ ᠠᠵᠢᠯ ᠣᠯᠭᠤᠯᠲᠠ ᠶᠢᠨ ᠦᠢᠯᠡᠴᠢᠯᠡᠭᠡ ᠶᠢ ᠬᠦᠷᠲᠡᠭᠡᠬᠦ ᠬᠡᠷᠡᠭᠲᠡᠶ᠃ ᠠᠵᠢᠯ ᠣᠯᠭᠤᠯᠲᠠ ᠶᠢᠨ ᠪᠣᠯᠪᠠᠰᠤᠷᠠᠯ ᠢ ᠤᠬᠠᠭᠤᠯᠵᠤ ᠬᠦᠳᠦᠯᠦᠨ ᠵᠢᠯᠣᠭᠤᠳᠬᠤ ᠪᠠᠨ ᠴᠢᠩᠭᠠᠳᠬᠠᠵᠤ᠂ ᠨᠡᠩ ᠤᠯᠠᠨ ᠠᠵᠢᠯ ᠤᠯᠬᠤ ᠭᠡᠵᠦ ᠪᠠᠶᠢᠭ᠎ᠠ ᠬᠥᠮᠦᠰ ᠤᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠳᠤ ᠣᠷᠣᠯᠴᠠᠬᠤ ᠶᠢ ᠵᠣᠷᠢᠭᠵᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠬᠦ ᠶᠢ ᠨᠡᠩ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号