ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠪᠠ  ᠼᠦᠢ ᠵᠢᠩ ᠶᠢᠩ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/5/12
     5 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2025 ᠣᠨ ᠤ 10 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ 4 ᠰᠠᠷ᠎ᠠ ᠶᠢᠨ 25 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ᠂ ᠬᠡᠰᠡᠭ ᠮᠤᠵᠢ ᠣᠷᠣᠨ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠪᠣᠯᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠡᠯ᠎ᠡ ᠵᠦᠢᠯ ᠤᠨ ᠠᠵᠢᠯ ᠢᠶᠠᠨ ᠦᠨᠡᠨ ᠬᠦ ᠰᠠᠶᠢᠲᠤᠷ ᠠᠳᠬᠤᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯᠴᠢ ᠶᠢᠨ ᠠᠵᠢᠯ ᠢᠶᠠᠨ ᠬᠢᠨᠠᠮᠠᠭᠠᠶ ᠰᠠᠶᠢᠲᠤᠷ ᠬᠢᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠣᠪᠴᠢ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠨᠠᠩ ᠣᠯᠠᠨ ᠭᠤᠤᠯᠳᠠᠯᠭ᠎ᠠ ᠲᠠᠢ ᠠᠵᠢᠯ ᠢᠶᠠᠨ ᠤᠯᠤᠰ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠯᠢᠶᠣᠤᠨᠢᠩ ᠤᠨ ᠯᠢᠶᠣᠤ ᠶᠠᠩ ᠬᠤᠲᠠ ᠶᠢᠨ ᠪᠠᠢ ᠲᠠ ᠲᠣᠭᠤᠷᠢᠭ ᠤᠨ ᠨᠢᠭᠡᠳᠦᠭᠡᠷ ᠵᠣᠴᠢᠳ ᠤᠨ ᠪᠠᠭᠤᠳᠠᠯ ᠤᠨ ᠭᠠᠯ ᠤᠨ ᠭᠠᠮᠰᠢᠭ ᠤᠨ ᠠᠳᠡᠯ᠂ ᠭᠦᠢᠵᠧᠦ ᠶᠢᠨ ᠪᠢ ᠵᠢᠶᠧ ᠬᠤᠲᠠ ᠶᠢᠨ ᠴᠢᠶᠠᠨ ᠰᠢ ᠬᠤᠲᠠ ᠶᠢᠨ ᠵᠤᠭᠠᠴᠠᠯ ᠤᠨ ᠣᠩᠭᠤᠴᠨ ᠬᠦᠷᠪᠡᠭᠰᠡᠨ ᠠᠳᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠡᠷᠡᠭ ᠢᠶᠠᠷ ᠲᠣᠯᠢ ᠪᠣᠯᠭᠠᠵᠤ᠂ ᠨᠢᠭᠡ ᠠᠴᠠ ᠵᠦᠢᠴᠢᠯᠡᠵᠦ ᠨᠥᠬᠦᠭᠡ ᠶᠢ ᠮᠡᠳᠡᠵᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠲᠠᠯᠠᠪᠤᠷ ᠭᠠᠵᠠᠷ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠮᠤᠷ ᠲᠦᠪᠰᠢᠨ ᠤ ᠬᠡᠮ ᠰᠣᠭᠤᠭ ᠢ ᠦᠨᠡᠨ ᠬᠦ ᠠᠷᠢᠯᠭᠠᠵᠤ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠬᠤᠶᠠᠷ ᠢ ᠬᠦᠷᠢᠶᠡᠯᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠶᠠᠷ ᠢ ᠬᠦᠷᠢᠶᠡᠯᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠪᠠᠨ ᠦᠷᠭᠦᠯᠵᠢᠯᠡᠨ ᠰᠢᠯᠢᠳᠡᠭᠵᠢᠭᠦᠯᠵᠦ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠦᠨᠡᠨ ᠬᠦ ᠪᠠᠬᠢᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠦᠬᠦ ᠣᠷᠣᠨ᠂ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠨ ᠤ ᠬᠠᠷᠠᠯᠲᠠ ᠪᠠᠨ ᠲᠣᠭᠲᠠᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ︽ᠤᠴᠢᠷ ᠶᠠᠪᠤᠳᠠᠯ ᠢ ᠡᠳᠦᠷ ᠦᠨᠵᠢᠬᠦᠯᠬᠦ ᠦᠭᠡᠢ︾ ᠡᠷᠴᠢ ᠵᠣᠷᠢᠭ ᠢᠶᠠᠷ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠬᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠥᠭᠵᠢᠯᠲᠡ ᠶᠢᠨ ᠪᠣᠳᠠᠲᠤ ᠠᠮᠵᠢᠯᠲᠠ ᠪᠠᠷ ᠢᠶᠠᠨ ᠳᠠᠩᠰᠠ ᠲᠤᠰᠢᠶᠠᠵᠤ ᠬᠠᠭᠤᠳᠠᠰᠣ ᠲᠤᠰᠢᠶᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠵᠡᠷᠭᠡ ᠬᠤᠯᠪᠣᠭᠳᠠᠯ ᠪᠦᠬᠦᠢ ᠵᠦᠢᠯᠡᠰ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号