5 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ | ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ | ᠵᠧᠦ ᠶᠢᠨ ᠰᠢᠩ ᠬᠤᠷᠠᠯ ᠡᠷᠭᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠲᠡᠭᠡᠷ᠎ᠡ ᠣᠳᠣᠬᠠᠨ ᠤ ᠠᠵᠤ | ᠠᠬᠤᠢ ᠶᠢᠨ ᠪᠠᠶᠢᠳᠠᠯ ᠪᠣᠯᠤᠨ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠬᠤ ᠦᠶ᠎ᠡ ᠶᠢᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠵᠢᠯ ᠤᠨ ᠬᠠᠷᠠᠯᠲᠠ ᠪᠠᠨ ᠰᠤᠯᠠᠷᠠᠭᠤᠯᠤᠯ ᠦᠭᠡᠢ | ᠴᠢᠩᠭ᠎ᠠ ᠡᠵᠡᠮᠳᠡᠵᠦ᠂ ︽ᠤᠳᠠᠭᠠᠨ ᠪᠦᠳᠦᠭᠦᠯᠢᠭ ᠬᠡᠶᠢᠰᠪᠦᠷᠢ︾ ᠠᠰᠠᠭᠤᠳᠠᠯ ᠢ ᠡᠷᠡᠰ ᠵᠠᠯᠠᠷᠠᠭᠤᠯᠤᠨ ᠵᠠᠰᠠᠵᠤ᠂ ︽ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ | ᠲᠣᠭᠲᠠᠪᠤᠷᠢᠵᠢᠭᠤᠯᠬᠤ︾ ᠱᠠᠭᠠᠷᠳᠠᠯᠭ᠎ᠠ ᠶᠢ ᠡᠯ᠎ᠡ ᠵᠦᠢᠯ ᠤᠨ ᠠᠵᠢᠯ ᠳᠤ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ | ᠪᠦᠬᠦ ᠬᠤᠳᠠ ᠶᠢᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠲᠣᠭᠲᠠᠭᠤᠨ ᠢᠶᠠᠷ | ᠰᠠᠶᠢᠵᠢᠷᠠᠬᠤ ᠶᠢ ᠪᠠᠲᠤᠯᠠᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶᠠᠨ ᠤ | ᠤᠯᠤᠰ ᠲᠦᠷᠦ ᠶᠢᠨ ᠲᠣᠪᠴᠢᠶᠠᠨ ᠤ ᠬᠤᠷᠢᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠵᠤ᠂ ᠵᠣᠬᠢᠶᠠᠮᠠᠯ ᠣᠶᠤᠨᠴᠢ | ᠬᠡᠷᠡᠭᠯᠡᠭᠡᠨ ᠤ ᠪᠠᠶᠢᠳᠠᠯ ᠢ ᠪᠠᠶᠠᠯᠢᠭᠵᠢᠭᠤᠯᠤᠨ ᠥᠷᠭᠡᠳᠬᠡᠵᠦ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠳᠤ ᠨᠡᠩ ᠰᠠᠶᠢᠨ ᠬᠦᠴᠦᠨ ᠨᠡᠮᠡᠷᠢᠯᠡᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ | ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠨᠢᠭᠡ ᠠᠴᠠ ᠵᠦᠢᠴᠢᠯᠡᠵᠦ | ᠨᠦᠬᠦᠭᠡ ᠶᠢ ᠮᠡᠳᠡᠵᠦ᠂ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠵᠤ᠂ ᠠᠮᠤᠷ ᠲᠦᠪᠰᠢᠨ ᠤ | ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠴᠢᠩᠭᠠᠳᠬᠠᠵᠤ᠂ ᠮᠥᠨ ᠴᠢᠨᠠᠷ ᠤᠨ | ᠠᠮᠤᠷ ᠲᠦᠪᠰᠢᠨ ᠤ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠬᠦ ᠲᠥᠰᠦᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠡᠷᠡᠰ ᠰᠠᠶᠢᠲᠤᠷ | ᠠᠳᠬᠤᠵᠤ᠂ ᠠᠯᠳᠠᠭᠳᠠᠯ ᠢᠶᠠᠨ ᠪᠠᠶᠢᠴᠠᠭᠠᠨ ᠲᠤᠳᠠᠭᠤᠳᠠᠯ ᠢᠶᠠᠨ ᠨᠥᠬᠦᠪᠥᠷᠢᠯᠡᠬᠦ ᠶᠢ ᠴᠢᠩᠭ᠎ᠠ ᠠᠳᠬᠤᠵᠤ᠂ ᠠᠮᠢ | ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠭᠡᠨ ᠠᠬᠢᠭᠤᠯᠵᠤ᠂ ᠡᠯ᠎ᠡ | ᠵᠦᠢᠯ ᠤᠨ ᠠᠵᠢᠯ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃ |