ᠡᠮᠴᠢᠯᠡᠭᠡᠨ ᠤ ᠬᠦᠷᠢᠶᠡᠨ ᠤ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠬᠢᠲᠠᠳ ᠡᠮ ᠡᠮᠨᠡᠯᠭᠡ ᠶᠢᠨ ᠰᠣᠶᠣᠯ ᠢ ᠪᠠᠳᠠᠷᠠᠭᠤᠯᠤᠨ᠂ ᠬᠢᠲᠠᠳ ᠡᠮᠨᠡᠯᠭᠡ ᠶᠢᠨ ᠤᠷ᠎ᠠ ᠮᠡᠷᠭᠡᠵᠢᠯ ᠢ ᠤᠯᠠᠮᠵᠢᠯᠠᠵᠤ᠂ | ᠰᠢᠨ᠎ᠡ ᠨᠢᠭᠡ ᠦᠶ᠎ᠡ ᠶᠢᠨ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠢ ᠬᠥᠮᠦᠵᠢᠭᠦᠯᠬᠦ ᠶᠢᠨ ᠲᠥᠯᠥᠭᠡ᠂ 5 | ᠰᠠᠷ᠎ᠠ ᠶᠢᠨ 10 ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ︽ᠬᠢᠳᠡᠳ | ᠡᠮᠨᠡᠯᠭᠡ ᠶᠢᠨ ᠣᠬᠢ ᠰᠣᠳᠣ ᠶᠢ ᠣᠯᠠᠮᠵᠢᠯᠠᠵᠤ ᠬᠢᠳᠡᠳ ᠡᠮᠨᠡᠯᠭᠡ ᠶᠢᠨ ᠰᠢᠨ᠎ᠡ ᠴᠢᠳᠠᠪᠤᠷᠢᠳᠡᠨ ᠢ ᠬᠦᠮᠦᠵᠢᠬᠦᠯᠦᠶ᠎ᠡ︾ | ᠬᠡᠬᠦ ᠪᠠᠭᠰᠢ ᠪᠠᠷᠢᠬᠤ ᠶᠣᠰᠣᠯᠠᠯ ᠶᠠᠪᠤᠭᠤᠯᠪᠠ᠃ | ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠤ 9 ᠡᠮᠴᠢ ᠲᠠᠰ ᠳᠠᠷᠠᠭᠠᠯᠠᠨ | ᠪᠡᠭᠡᠵᠢᠩ ᠤᠨ ᠬᠢᠲᠠᠳ ᠡᠮ ᠡᠮᠨᠡᠯᠭᠡ ᠶᠢᠨ ᠶᠡᠭᠡ ᠰᠤᠷᠭᠠᠭᠤᠯᠢ ᠶᠢᠨ ᠳ᠋ᠦᠩ ᡁᠢ ᠮᠧᠨ ᠡᠮᠨᠡᠯᠭᠡ ᠶᠢᠨ ᠬᠤᠷᠢᠶᠠᠨ ᠤ | ᠬᠤᠰᠬᠢᠨᠠᠭ ᠭᠡᠳᠡᠰᠦᠨ ᠤ ᠰᠠᠯᠠᠭᠠᠨ ᠤ ᠡᠷᠬᠢᠯᠡᠭᠴᠢ ᠵᠠᠩ ᠱᠤ᠋ ᠰᠢᠨ ᠵᠡᠷᠭᠡ ᠠᠵᠢᠯ ᠲᠥᠷᠥᠯ ᠤᠨ ᠲᠤᠰᠬᠠᠶ | ᠮᠡᠷᠭᠡᠵᠢᠯᠲᠡᠨ ᠳᠤ ᠪᠠᠭᠰᠢ ᠪᠠᠷᠢᠬᠤ ᠶᠣᠰᠤᠯᠠᠯ ᠬᠦᠢᠴᠡᠳᠭᠡᠪᠡ᠃ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ | ᠡᠮᠨᠡᠯᠭᠡ ᠶᠢᠨ ᠬᠤᠷᠢᠶᠠᠨ ᠤ ᠬᠤᠰᠬᠢᠨᠠᠭ ᠭᠡᠳᠡᠰᠦᠨ ᠤ ᠰᠠᠯᠠᠭᠠᠨ ᠤ ᠳᠡᠳ᠋ ᠡᠷᠬᠢᠯᠡᠭᠴᠢ ᠸᠠᠩ ᠬᠠᠶ ᠪᠣᠤ ᠬᠡᠯᠡᠭᠰᠡᠨ ᠨᠢ᠂ | ᠪᠠᠭᠰᠢ ᠪᠠᠷᠢᠬᠤ ᠶᠣᠰᠣᠯᠠᠯ ᠢᠶᠠᠷ ᠳᠠᠮᠵᠢᠭᠤᠯᠤᠨ ᠪᠠᠭᠰᠢ ᠱᠠᠪᠢ ᠶᠢᠨ ᠬᠠᠷᠢᠴᠠᠭ᠎ᠠ ᠶᠢ ᠵᠢᠩᠬᠢᠨᠢ ᠪᠠᠷ ᠲᠣᠭᠲᠠᠭᠠᠪᠠ᠂ | ᠪᠢᠳᠡ ᠬᠢᠳᠡᠳ ᠡᠮᠨᠡᠯᠭᠡ ᠶᠢᠨ ᠣᠬᠢ ᠰᠣᠳᠣ᠂ ᠪᠠᠭᠰᠢ ᠶᠢᠨ ᠬᠢᠲᠠᠳ ᠡᠮ ᠡᠮᠨᠡᠯᠭᠡ ᠶᠢᠨ ᠡᠷᠳᠡᠮ ᠰᠢᠨᠵᠢᠯᠡᠭᠡᠨ ᠤ | ᠦᠵᠡᠯ ᠰᠠᠨᠠᠭ᠎ᠠ ᠶᠢ ᠴᠢᠷᠮᠠᠶᠢᠨ ᠤᠯᠠᠮᠵᠢᠯᠠᠵᠤ᠂ ᠡᠮᠴᠢᠯᠡᠭᠡᠨ ᠤ ᠲᠤᠷᠰᠢᠯᠭ᠎ᠠ ᠶᠢ ᠴᠢᠷᠮᠠᠶᠢᠨ ᠬᠤᠷᠠᠮᠳᠤᠭᠤᠯᠵᠤ᠂ | ᠮᠡᠷᠭᠡᠵᠢᠯ ᠤᠨ ᠲᠤᠰᠬᠠᠶ ᠴᠢᠳᠠᠪᠤᠷᠢ ᠪᠠᠨ ᠳᠡᠭᠡᠭᠰᠢᠯᠡᠭᠦᠯᠵᠦ᠂ ᠦᠬᠠᠶ ᠬᠤᠲᠠ ᠶᠢᠨ ᠠᠷᠠᠳ ᠲᠤ ᠨᠠᠩ ᠰᠠᠶᠢᠨ | ᠦᠢᠯᠡᠴᠢᠯᠡᠨ᠎ᠡ ᠭᠡᠵᠡᠢ᠃ | ᠪᠠᠭᠰᠢ ᠪᠠᠷ ᠣᠯᠠᠮᠵᠢᠯᠠᠬᠤ ᠬᠥᠮᠦᠵᠢᠯ ᠨᠢ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠢ ᠬᠥᠮᠦᠵᠢᠭᠦᠯᠬᠦ | ᠴᠢᠬᠤᠯᠠ ᠵᠠᠭᠪᠤᠷ ᠪᠣᠯᠤᠭᠰᠠᠨ ᠤ ᠬᠤᠪᠢ ᠳᠤ᠂ ᠬᠢᠲᠠᠳ ᠡᠮ ᠡᠮᠨᠡᠯᠭᠡ ᠶᠢᠨ ᠡᠷᠳᠡᠮ ᠰᠢᠨᠵᠢᠯᠡᠭᠡᠨ ᠤ ᠦᠵᠡᠯ ᠰᠠᠨᠠᠭ᠎ᠠ᠂ | ᠡᠮᠴᠢᠯᠡᠭᠡᠨ ᠤ ᠲᠤᠷᠰᠢᠯᠭ᠎ᠠ ᠪᠣᠯᠤᠨ ᠮᠡᠷᠭᠡᠵᠢᠯ ᠤᠨ ᠲᠤᠰᠬᠠᠶ ᠴᠢᠳᠠᠪᠤᠷᠢ ᠶᠢᠨ ᠲᠠᠯ᠎ᠠ ᠪᠠᠷ ᠣᠷᠣᠯᠠᠭᠤᠯᠵᠤ ᠪᠣᠯᠤᠰᠢ | ᠦᠭᠡᠢ ᠦᠢᠯᠡᠳᠦᠯ ᠦᠵᠡᠭᠦᠯᠵᠦ ᠪᠠᠶᠢᠨ᠎ᠠ᠃ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ | ᠬᠤᠷᠢᠶᠠᠨ ᠤ ᠳᠠᠷᠤᠭ᠎ᠠ ᠾᠧᠦ ᠶᠤᠸᠠᠢ ᠢᠯᠡᠷᠬᠡᠶᠢᠯᠡᠭᠰᠡᠨ ᠨᠢ᠂ ᠲᠤᠰ ᠤᠳᠠᠭᠠᠨ ᠤ ᠪᠠᠭᠰᠢ ᠪᠠᠷᠢᠬᠤ ᠶᠣᠰᠣᠯᠠᠯ ᠪᠣᠯ | ᠬᠢᠲᠠᠳ ᠡᠮ ᠡᠮᠨᠡᠯᠭᠡ ᠶᠢᠨ ᠤᠯᠠᠮᠵᠢᠯᠠᠯᠲᠤ ᠦᠷᠭᠦᠯᠵᠢᠯᠡᠯ ᠪᠣᠯᠬᠤ ᠪᠠᠷ ᠪᠠᠷᠠᠬᠤ ᠦᠭᠡᠢ᠂ ᠨᠠᠩ ᠴᠤ ᠬᠠᠶᠢᠷᠤᠪ ᠤᠨ | ᠲᠣᠬᠤᠢ ᠲᠣᠭᠤᠷᠢᠭ ᠤᠨ ᠬᠢᠲᠠᠳ ᠡᠮ ᠡᠮᠨᠡᠯᠭᠡ ᠶᠢᠨ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ | ᠰᠢᠨ᠎ᠡ ᠡᠬᠢᠯᠡᠯᠲᠡ ᠪᠣᠯᠤᠨ᠎ᠠ᠃ ᠡᠶᠢᠮᠦᠷᠬᠦ ᠠᠵᠢᠯᠯᠠᠭ᠎ᠠ ᠪᠠᠷ ᠳᠠᠮᠵᠢᠭᠤᠯᠤᠨ ᠪᠡᠭᠡᠵᠢᠩ ᠤᠨ ᠨᠡᠷᠡᠳᠦ ᠲᠤᠰᠬᠠᠶ | ᠮᠡᠷᠭᠡᠵᠢᠯᠲᠡᠨ ᠯᠦᠭᠡ ᠶᠢᠨ ᠬᠠᠮᠲᠤᠷᠠᠯᠴᠠᠭ᠎ᠠ᠂ ᠰᠤᠷᠤᠯᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠦᠬᠠᠶ ᠳᠤ | ᠰᠢᠨ᠎ᠡ ᠨᠢᠭᠡ ᠦᠶ᠎ᠡ ᠶᠢᠨ ᠬᠢᠳᠠᠳ ᠡᠮᠨᠡᠯᠭᠡ ᠶᠢᠨ ᠴᠢᠳᠠᠪᠤᠷᠢᠲᠠᠨ ᠢ ᠬᠥᠮᠦᠵᠢᠭᠦᠯᠵᠦ ᠥᠭᠬᠦ ᠶᠢ ᠬᠦᠰᠡᠵᠦ ᠪᠠᠶᠢᠨ᠎ᠠ | ᠬᠡᠵᠡᠢ᠃ |