5 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠰᠢᠨ᠎ᠡ | ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠪᠠ ᠴᠠᠬᠢᠯᠭᠠᠨ ᠤ ᠲᠣᠤᠷ ᠤᠨ ᠪᠥᠲᠥᠭᠡᠨ ᠪᠠᠶᠢᠭᠤᠯᠤᠯᠲᠠ ᠶᠢᠨ | ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠭᠤᠤ ᠪᠥᠸᠧ | ᠣᠷᠣᠯᠴᠠᠪᠡ᠃ | ᠵᠧᠦ ᠶᠢᠨ ᠰᠢᠩ ᠤᠷᠢᠳ ᠬᠤᠵᠢᠳ ᠱᠤᠸᠠᠩ ᠬᠠᠢ ᠤᠰᠤᠲᠥ᠋ᠷᠥᠭᠴᠢ ᠦᠢᠯᠡᠳᠴᠦ ᠤᠰᠤᠲᠥ᠋ᠷᠥᠭᠴᠢ | ᠨᠡᠮᠡᠬᠦ ᠶᠢ ᠨᠢᠭᠡ ᠴᠤᠬᠴᠠᠵᠢᠭᠤᠯᠤᠬᠰᠠᠨ ᠦᠷᠳᠡᠭᠡ᠂ ᠭᠦᠸᠧ ᠰᠢᠤᠸᠠᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ 300 ᠰᠠᠶ᠎ᠠ ᠸᠠᠲ ᠤᠨ ᠭᠡᠷᠡᠯ ᠢᠶᠠᠷ ᠴᠠᠬᠢᠯᠭᠠᠨ ᠭᠠᠷᠭᠠᠬᠤ | ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠤᠰᠤᠲᠥ᠋ᠷᠥᠭᠴᠢ ᠦᠢᠯᠡᠳᠬᠦ ᠤᠰᠤᠲᠥ᠋ᠷᠥᠭᠴᠢ ᠨᠡᠮᠡᠬᠦ | ᠤᠰᠤᠲᠥ᠋ᠷᠥᠭᠴᠢ ᠬᠠᠳᠠᠭᠠᠯᠠᠬᠤ ᠤᠰᠤᠲᠥ᠋ᠷᠥᠭᠴᠢ ᠰᠤᠯᠢᠬᠤ᠂ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠦᠬᠠᠢ ᠶᠢᠨ ᠡᠯᠪᠡᠭ ᠪᠠᠶᠠᠯᠢᠭ | ᠪᠣᠬᠢᠷᠲᠤᠯ ᠦᠭᠡᠢ ᠡᠨᠧᠷᠭᠢ ᠶᠢᠨ ᠰᠢᠩᠭᠡᠭᠡᠯᠲᠡ ᠶᠢᠨ ᠳᠠᠪᠠᠭᠤᠯᠢᠭ ᠲᠤ ᠲᠦᠰᠢᠭᠯᠡᠵᠦ᠂ ᠪᠣᠬᠢᠷᠲᠤᠯ ᠦᠭᠡᠢ ᠴᠠᠬᠢᠯᠭᠠᠨ | ᠪᠣᠬᠢᠷᠲᠤᠯ ᠦᠭᠡᠢ ᠤᠰᠤᠲᠥ᠋ᠷᠥᠭᠴᠢ ᠶᠢᠨ ᠬᠡᠷᠡᠭᠯᠡᠭᠡᠨ ᠤ ᠦᠵᠡᠭᠳᠡᠯ ᠢ ᠭᠦᠢᠴᠡᠳ ᠠᠭᠤᠳᠠᠯᠵᠤ᠂ ᠰᠢᠩᠭᠡᠭᠡᠬᠦ | ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠬᠤ ᠬᠡᠷᠡᠭᠲᠡᠢ᠃ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡ᠊ ᠢ ᠨᠢᠭᠡ | ᠴᠤᠭᠴᠠᠵᠢᠭᠤᠯᠤᠭᠰᠠᠨ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠭᠠᠵᠠᠷ ᠰᠢᠷᠣᠢ ᠶᠢᠨ ᠡᠬᠢ | ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠨ᠂ ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ | ᠳᠣᠣᠷ᠎ᠠ ᠳᠠᠷᠢᠬᠤ ᠶᠢᠨ ᠬᠠᠷᠢᠯᠴᠠᠨ ᠨᠥᠬᠦᠪᠥᠷᠢᠯᠡᠬᠦ ᠵᠠᠭᠪᠤᠷ ᠢ ᠳᠡᠯᠭᠡᠷᠡᠭᠦᠯᠵᠦ᠂ ᠠᠵᠤ ᠠᠬᠤᠢ ᠶᠢᠨ ᠦᠷ᠎ᠡ ᠠᠰᠢᠭ᠂ | ᠨᠡᠶᠢᠭᠡᠮ ᠤᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ ᠢ ᠵᠡᠷᠭᠡᠪᠡᠷ ᠳᠡᠭᠡᠭᠰᠢᠯᠡᠭᠦᠯᠬᠦ ᠶᠢ ᠪᠡᠶᠡᠯᠡᠭᠦᠯᠬᠦ ᠬᠡᠷᠡᠭᠲᠡᠢ᠃ | ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠢ ᠦᠨᠡᠨ ᠪᠣᠳᠠᠲᠠᠢ ᠪᠠᠷ ᠬᠠᠪᠰᠤᠷᠤᠨ | ᠬᠦᠴᠢᠷᠳᠡᠯ ᠢ ᠨᠢ ᠰᠢᠢᠳᠪᠦᠷᠢᠯᠡᠵᠦ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ | ᠠᠬᠢᠭᠤᠯᠬᠤ ᠬᠡᠷᠡᠭᠲᠡᠢ ᠭᠡᠵᠡᠢ᠃ | ᠬᠤᠩ ᠨᠢ ᠸᠠᠨ ᠤ 220 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ | ᠲᠤᠬᠠᠶ ᠶᠢᠨ ᠲᠠᠯᠠᠪᠠᠶ ᠳᠤ᠂ ᠵᠧᠤ ᠶᠢᠨ ᠰᠢᠩ ᠣᠷᠣᠨ ᠪᠦᠰᠡ ᠶᠢᠨ ᠴᠠᠬᠢᠯᠭᠠᠨ ᠬᠦᠴᠦᠨ ᠤ ᠬᠠᠩᠭᠠᠯᠭ᠎ᠠ᠂ ᠴᠠᠬᠢᠯᠭᠠᠨ | ᠲᠣᠤᠷ ᠤᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠨᠢ ᠰᠣᠨᠣᠰᠪᠠ᠃ ᠲᠡᠷᠡ ᠬᠡᠯᠡᠭᠰᠡᠨ | ᠨᠢ᠂ ᠠᠵᠤ ᠦᠢᠯᠡᠰ ᠢ ᠬᠥᠭᠵᠢᠭᠦᠯᠬᠦ ᠨᠢ ᠴᠢᠩᠭ᠎ᠠ ᠬᠦᠴᠦᠲᠡᠢ ᠴᠠᠬᠢᠯᠭᠠᠨ ᠲᠣᠣᠷ ᠤᠨ ᠰᠢᠰᠲ᠋ᠧᠮ ᠤᠨ | ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ᠃ ᠴᠠᠬᠢᠯᠭᠠᠨ ᠲᠣᠣᠷ ᠤᠨ ᠲᠥᠯᠥᠪᠵᠢᠭᠦᠯᠭᠡ ᠶᠢᠨ | ᠪᠠᠶᠢᠷᠢᠰᠢᠭᠤᠯᠤᠯᠲᠠ ᠪᠠᠨ ᠦᠷᠭᠦᠯᠵᠢᠯᠡᠨ ᠰᠢᠯᠢᠳᠡᠭᠵᠢᠭᠦᠯᠵᠦ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ | ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠣᠬᠢᠶᠠᠮᠠᠯ ᠴᠠᠬᠢᠯᠭᠠᠨ ᠦᠢᠯᠡᠳᠪᠦᠷᠢ᠂ ᠤᠶᠤᠨᠲᠤ | ᠪᠢᠴᠢᠯ ᠴᠠᠬᠢᠯᠭᠠᠨ ᠲᠣᠣᠷ ᠵᠡᠷᠭᠡ ᠮᠡᠷᠭᠡᠵᠢᠯ ᠤᠨ ᠬᠡᠷᠡᠭᠯᠡᠯᠲᠡ ᠶᠢ ᠤᠷᠢᠳᠠᠪᠠᠷ ᠬᠡᠷᠡᠭᠵᠢᠭᠦᠯᠵᠦ᠂ ᠤᠷᠬᠢᠯ ᠢ | ᠲᠣᠬᠢᠷᠠᠭᠤᠯᠬᠤ ᠴᠢᠳᠠᠪᠤᠷᠢ ᠪᠠᠷ ᠨᠡᠩ ᠴᠢᠩᠭ᠎ᠠ ᠪᠣᠬᠢᠷᠲᠤᠯ ᠦᠭᠡᠢ ᠴᠠᠬᠢᠯᠭᠠᠨ ᠲᠣᠣᠷ ᠢ ᠪᠠᠶᠢᠭᠤᠯᠵᠤ᠂ ᠠᠵᠤ | ᠠᠬᠤᠶᠢᠯᠠᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠪᠦᠲᠦᠮᠵᠢᠲᠡᠢ ᠬᠠᠩᠭᠠᠵᠤ᠂ ᠭᠠᠵᠠᠷ ᠣᠷᠣᠨ ᠤ ᠬᠡᠯᠪᠡᠷᠢ ᠪᠠᠨ | ᠬᠤᠪᠢᠷᠠᠭᠤᠯᠤᠨ ᠬᠦᠭᠵᠢᠬᠦᠯᠬᠦ ᠶᠢ ᠪᠠᠲᠤᠯᠠᠬᠤ ᠳᠤ ᠨᠡᠩ ᠰᠠᠶᠢᠨ ᠦᠢᠯᠡᠴᠢᠯᠡᠬᠦ ᠬᠡᠷᠡᠭᠲᠡᠢ ᠭᠡᠵᠡᠢ᠃ |