ᠤᠢᠢᠷ᠎ᠠ ᠶᠢᠨ ᠵᠢᠯ ᠠᠴᠠ ᠨᠠᠰᠢ᠂ ᠬᠠᠶᠢᠨᠠᠨ ᠲᠣᠭᠤᠷᠢᠭ ᠤᠨ ᠬᠢᠨ ᠨᠠᠮ ᠤᠨ ᠰᠤᠷᠭᠠᠭᠤᠯᠢ ᠶᠢᠨ ᠪᠦᠳᠦᠭᠡᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠲᠠᠯ᠎ᠠ ᠶᠢᠨ ᠳᠤᠲᠠᠭᠤᠳᠠᠯ ᠢᠶᠠᠨ ᠨᠥᠬᠦᠪᠥᠷᠢᠯᠡᠵᠦ᠂ ᠬᠤᠳᠠ᠂ | ᠲᠣᠭᠤᠷᠢᠭ ᠤᠨ ᠨᠠᠮ ᠤᠨ ᠰᠤᠷᠭᠠᠭᠤᠯᠢ ᠶᠢ ᠨᠢᠭᠡ ᠴᠤᠬᠴᠠᠵᠢᠭᠤᠯᠤᠨ ᠰᠤᠷᠭᠠᠭᠤᠯᠢ ᠡᠷᠬᠢᠯᠡᠬᠦ ᠶᠢ ᠯᠠᠪᠳᠠᠭᠤᠨ | ᠪᠠᠲᠤᠲᠠᠢ ᠠᠬᠢᠭᠤᠯᠵᠤ᠂ ᠨᠠᠮ ᠤᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠵᠦ | ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠵᠤ᠂ ᠺᠠᠳ᠋ᠷ ᠤᠨ ᠦᠰᠦᠨ ᠪᠤᠶᠢᠵᠢᠯᠲᠠ ᠪᠣᠯᠤᠨ ᠣᠷᠣᠨ ᠨᠤᠲᠤᠭ ᠤᠨ | ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ | ᠡᠬᠢ ᠪᠠᠶᠠᠯᠢᠭ ᠢ ᠨᠡᠶᠢᠳᠭᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠪᠡ᠃ ᠬᠠᠶᠢᠨᠠᠨ | ᠲᠣᠭᠤᠷᠢᠭ ︽ᠭᠠᠭᠴᠠ ᠴᠡᠷᠢᠭ ᠢᠶᠠᠷ ᠪᠠᠶᠢᠯᠳᠤᠬᠤ︾ ᠪᠠᠶᠢᠷᠢᠰᠢᠯ ᠢ ᠡᠪᠳᠡᠵᠦ᠂ ᠡᠬᠢ ᠪᠠᠶᠠᠯᠢᠭ ᠢ ᠨᠢᠭᠡᠳᠦᠯᠲᠡᠶ | ᠲᠥᠯᠥᠪᠯᠡᠬᠦ ᠪᠠᠷ ᠳᠠᠮᠵᠢᠭᠤᠯᠤᠨ᠂ ᠲᠠᠰ ᠳᠠᠪᠬᠤᠷᠭ᠎ᠠ ᠶᠢᠨ ᠪᠠᠬᠢᠯᠡᠯᠲᠡ ᠶᠢ ᠰᠢᠪᠲᠤᠯᠵᠤ᠂ ︽1+ 1>2︾ | ᠬᠠᠮᠵᠢᠯᠴᠠᠬᠤ ᠵᠠᠭᠪᠤᠷ ᠢ ᠪᠣᠶ ᠪᠣᠯᠭᠠᠪᠠ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠬᠠᠶᠢᠨᠠᠨ | ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠫᠠᠶᠢᠰᠠ ᠡᠯᠭᠦᠵᠦ᠂ ᠲᠣᠬᠢᠷᠠᠭᠤᠯᠬᠤ ᠠᠯᠪᠠᠨ ᠭᠡᠷ᠂ | ᠲᠣᠭᠲᠠᠮᠠᠯ ᠬᠤᠷᠠᠯ ᠤᠨ ᠭᠡᠷ᠂ ᠠᠵᠢᠯᠲᠠᠨ ᠢ ᠰᠣᠩᠭᠤᠨ ᠲᠣᠮᠢᠯᠠᠵᠤ ᠠᠵᠢᠯ ᠤᠨ ᠪᠠᠶᠢᠷᠢ ᠳᠤ ᠣᠴᠢᠭᠤᠯᠤᠨ | ᠠᠵᠢᠯᠯᠠᠭᠤᠯᠵᠤ᠂ ᠨᠢᠭᠡ ᠴᠣᠭᠴᠠᠵᠢᠭᠤᠯᠤᠭᠰᠠᠨ ᠰᠤᠷᠭᠠᠭᠤᠯᠢ ᠡᠷᠭᠢᠯᠡᠬᠦ ᠡᠯ᠎ᠡ ᠵᠦᠢᠯ ᠤᠨ ᠠᠵᠢᠯ ᠢ ᠬᠠᠷᠢᠭᠤᠴᠠᠭᠤᠯᠪᠡ᠃ | ᠪᠠᠭᠰᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠨᠡᠮᠡᠭᠳᠡᠭᠰᠡᠨ ᠲᠤᠰᠬᠠᠶ ᠪᠠᠭᠰᠢ ᠶᠢᠨ ᠠᠵᠢᠯ ᠤᠨ | ᠪᠠᠶᠢᠷᠢ ᠶᠢᠨ ᠣᠷᠣᠨ ᠲᠤᠭ᠎ᠠ ᠶᠢ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠠᠴᠠ ᠨᠢᠭᠡᠳᠦᠯᠲᠡᠶ | ᠲᠥᠯᠥᠪᠵᠢᠭᠦᠯᠦᠨ ᠬᠡᠷᠡᠭᠯᠡᠵᠦ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠠᠵᠢᠯ ᠤᠨ ᠪᠠᠶᠢᠷᠢ | ᠳᠠᠭᠠᠵᠤ ᠬᠢᠴᠢᠶᠡᠯ ᠪᠡᠯᠡᠳᠬᠡᠬᠦ ᠠᠷᠭ᠎ᠠ ᠮᠠᠶ᠋ᠢᠭ᠂ ᠵᠢᠭᠠᠨ ᠰᠤᠷᠭᠠᠬᠤ ᠠᠷᠭ᠎ᠠ ᠵᠡᠷᠭᠡ ᠪᠠᠷ ᠳᠠᠮᠵᠢᠭᠤᠯᠤᠨ ᠲᠤᠰᠬᠠᠶ | ᠲᠤᠰᠢᠶᠠᠯ ᠤᠨ ᠪᠠᠭᠰᠢ ᠶᠢᠨ ᠬᠥᠮᠦᠵᠢᠯ ᠢ ᠨᠢᠭᠡᠳᠦᠯᠲᠡᠶ ᠥᠷᠨᠢᠭᠦᠯᠪᠡ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠡᠬᠢ ᠪᠠᠶᠠᠯᠢᠭ ᠪᠠ ᠠᠷᠤ ᠲᠠᠯ᠎ᠠ ᠶᠢᠨ ᠦᠢᠯᠡᠴᠢᠯᠡᠭᠡᠨ ᠤ ᠦᠢᠯᠡᠴᠢᠯᠡᠭᠡ ᠵᠡᠷᠭᠡ ᠶᠢ ᠬᠠᠮᠲᠤ ᠪᠠᠷ ᠬᠡᠷᠡᠭᠯᠡᠵᠦ᠂ ᠡᠯ᠎ᠡ | ᠲᠥᠷᠥᠯ ᠤᠨ ᠡᠬᠢ ᠪᠠᠶᠠᠯᠢᠭ ᠢ ᠬᠠᠮᠤᠭ ᠤᠨ ᠶᠡᠭᠡ ᠪᠠᠷ ᠠᠰᠢᠭᠯᠠᠬᠤ᠂ ᠬᠠᠮᠤᠭ ᠠᠴᠠ ᠰᠢᠯᠢᠳᠡᠭᠵᠢᠭᠦᠯᠦᠨ | ᠲᠣᠬᠢᠷᠠᠭᠤᠯᠬᠤ ᠶᠢ ᠠᠬᠢᠭᠤᠯᠪᠡ᠃ | ᠵᠢᠭᠠᠨ ᠰᠤᠷᠭᠠᠯᠲᠠ ᠪᠠᠨ ᠰᠢᠯᠢᠳᠡᠭᠵᠢᠭᠦᠯᠵᠦ᠂ ᠪᠣᠳᠠᠲᠤ ᠬᠡᠷᠡᠭᠴᠡᠭᠡ ᠱᠠᠭᠠᠷᠳᠠᠯᠭ᠎ᠠ ᠳᠤ ᠣᠶᠢᠷᠠᠲᠤᠭᠤᠯᠪᠡ᠃ | ᠬᠠᠶᠢᠨᠠᠨ ᠲᠣᠭᠤᠷᠢᠭ 2025 ᠣᠨ ᠤ ᠪᠥᠬᠦ ᠲᠤᠭᠤᠷᠢᠭ ᠤᠨ ᠺᠠᠳ᠋ᠷ᠂ ᠠᠯᠪᠠᠲᠠᠨ ᠪᠠ ᠨᠠᠮ ᠤᠨ ᠭᠡᠰᠢᠭᠦᠨ ᠤ | ᠦᠨᠳᠦᠰᠦᠨ ᠪᠣᠯᠪᠠᠰᠤᠷᠠᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠬᠤᠲᠠ ᠶᠢᠨ ᠨᠠᠮ ᠤᠨ ᠬᠤᠷᠢᠶᠠᠨ ᠤ | ᠨᠠᠮ ᠤᠨ ᠰᠤᠷᠭᠠᠭᠤᠯᠢ ᠳᠤ ᠨᠢᠭᠡᠳᠦᠯᠲᠡᠶ ᠲᠥᠯᠥᠪᠯᠡᠨ ᠠᠩᠭᠢ ᠡᠷᠬᠢᠯᠡᠵᠦ᠂ 768 ᠬᠥᠮᠦᠨ ᠤᠳᠠᠭ᠎ᠠ ᠪᠣᠯᠪᠠᠰᠤᠷᠠᠯ | ᠬᠦᠷᠲᠡᠭᠡᠬᠦ ᠪᠠᠷ ᠳᠡᠭᠡᠭᠰᠢ ᠮᠡᠳᠡᠭᠦᠯᠪᠡ᠃ ᠺᠠᠳ᠋ᠷ ᠤᠨ ᠠᠳᠠᠯᠢ ᠪᠤᠰᠤ ᠲᠠᠰ ᠳᠠᠪᠬᠤᠷᠭ᠎ᠠ ᠶᠢᠨ ᠬᠢᠴᠢᠶᠡᠯ ᠢ ᠦᠨᠳᠦᠰᠦᠯᠡᠨ᠂ | ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠨᠠᠮ ᠤᠨ ᠣᠨᠣᠯ ᠤᠨ ᠬᠥᠮᠦᠵᠢᠯ ᠪᠠ ᠨᠠᠮᠴᠢ ᠴᠢᠨᠠᠷ ᠤᠨ | ᠬᠥᠮᠦᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ | ᠭᠠᠵᠠᠷ ᠣᠷᠣᠨ ᠤ ᠪᠣᠳᠠᠲᠠᠶ ᠣᠨᠴᠠᠯᠢᠭ ᠪᠠ ᠠᠩᠭᠢ ᠶᠢᠨ ᠭᠤᠤᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ | ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠤᠨ | ᠪᠠᠶᠢᠷᠢ ᠶᠢᠨ ᠡᠭᠦᠷᠭᠡ ᠬᠠᠷᠢᠭᠤᠴᠠᠯᠭ᠎ᠠ ᠯᠤᠭ᠎ᠠ ᠬᠠᠷᠢᠯᠴᠠᠨ ᠵᠣᠬᠢᠴᠠᠯᠳᠤᠭᠰᠠᠨ ᠵᠢᠭᠠᠨ ᠰᠤᠷᠭᠠᠯᠲᠠ ᠶᠢᠨ ᠠᠭᠤᠯᠭ᠎ᠠ ᠶᠢ | ᠭᠤᠤᠯᠳᠠᠯᠭ᠎ᠠ ᠲᠠᠢ ᠳᠣᠭᠢᠷᠠᠭᠤᠯᠪᠠ᠃ |