ᠤᠰᠤ ᠠᠷᠪᠢᠯᠠᠬᠤ ᠰᠢᠨ᠎ᠡ ᠠᠮᠢ ᠠᠬᠤᠢ ᠶᠢ ᠬᠠᠮᠲᠤ ᠪᠠᠷ ᠴᠤᠭᠴᠠᠯᠠᠶ᠎ᠠ
ᠨᠡᠶᠢᠲᠡᠯᠡᠭᠰᠡᠨ ᠴᠠᠭ᠄
2025/5/14
     —ᠳᠤᠮᠳᠠᠳᠤ ᠤᠯᠤᠰ ᠤᠨ ᠬᠤᠳᠠ ᠶᠢᠨ ᠬᠦᠭᠵᠢᠬᠦᠯᠦᠯᠳᠡ ᠶᠢᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠡᠬᠢ ᠪᠠᠶᠠᠯᠢᠭ ᠤᠨ ᠣᠷᠴᠢᠨ ᠲᠣᠭᠤᠷᠢᠨ ᠬᠢᠭᠡᠳ ᠤᠰᠤᠨ ᠤ ᠶᠠᠪᠤᠳᠠᠯ ᠤᠨ ᠰᠤᠳᠤᠯᠭᠠᠨ ᠤ ᠲᠥᠪ ᠤᠨ ᠮᠡᠷᠭᠡᠵᠢᠯ ᠤᠨ ᠬᠠᠷᠢᠭᠤᠴᠠᠯᠭᠠᠲᠠᠨ ᠵᠠᠩ ᠰᠢᠶᠦ᠋ᠨ ᠢ ᠰᠣᠷᠪᠣᠯᠵᠢᠯᠠᠭᠰᠠᠨ ᠨᠢ      5 ᠰᠠᠷ᠎ᠠ ᠶᠢᠨ 13 ᠡᠳᠦᠷ᠂ ᠳᠤᠮᠳᠠᠳᠤ ᠤᠯᠤᠰ ᠤᠨ ᠬᠤᠳᠠ ᠶᠢᠨ ᠬᠦᠭᠵᠢᠬᠦᠯᠦᠯᠳᠡ ᠶᠢᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠡᠬᠢ ᠪᠠᠶᠠᠯᠢᠭ ᠤᠨ ᠣᠷᠴᠢᠨ ᠲᠣᠭᠤᠷᠢᠨ ᠬᠢᠭᠡᠳ ᠤᠰᠤᠨ ᠤ ᠶᠠᠪᠤᠳᠠᠯ ᠤᠨ ᠰᠤᠳᠤᠯᠭᠠᠨ ᠤ ᠲᠥᠪ ᠤᠨ ᠮᠡᠷᠭᠡᠵᠢᠯ ᠤᠨ ᠬᠠᠷᠢᠭᠤᠴᠠᠯᠭᠠᠲᠠᠨ ᠵᠠᠩ ᠰᠢᠶᠦ᠋ᠨ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠂ ᠦᠬᠠᠶ ᠬᠤᠲᠠ ᠶᠢᠨ ᠤᠰᠤ ᠠᠷᠪᠢᠯᠠᠬᠤ ᠠᠵᠤ ᠦᠢᠯᠡᠰ ᠤᠨ ᠬᠤᠯᠪᠣᠭ᠎ᠠ ᠵᠢᠴᠢ ᠤᠰᠤ ᠠᠷᠪᠢᠯᠠᠬᠤ ᠠᠵᠤ ᠦᠢᠯᠡᠰ ᠤᠨ ᠰᠢᠨ᠎ᠡ ᠶᠢ ᠡᠭᠦᠳᠬᠦ ᠲᠥᠪ ᠪᠠᠶᠢᠭᠤᠯᠤᠭᠳᠠᠭᠰᠠᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠣᠷᠣᠨ ᠪᠦᠰᠡ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠥᠨᠳᠥᠷ ᠪᠦᠲᠦᠮᠵᠢᠲᠡᠶ ᠮᠡᠷᠭᠡᠵᠢᠯ ᠤᠨ ᠰᠣᠯᠢᠯᠴᠠᠭ᠎ᠠ ᠪᠠ ᠰᠢᠨ᠎ᠡ ᠶᠢ ᠡᠭᠦᠳᠬᠦ ᠲᠠᠪᠴᠠᠩ ᠪᠠᠶᠢᠭᠤᠯᠵᠤ ᠥᠭᠭᠦᠭᠰᠡᠨ ᠪᠠᠶᠢᠨ᠎ᠠ ᠬᠡᠵᠡᠢ᠃      ᠵᠠᠩ ᠰᠢᠶᠦ᠋ᠨ ᠬᠡᠯᠡᠭᠰᠡᠨ ᠨᠢ᠂ ᠦᠬᠠᠶ ᠬᠤᠲᠠ ᠶᠢᠨ ᠤᠰᠤ ᠠᠷᠪᠢᠯᠠᠬᠤ ᠠᠵᠤ ᠦᠢᠯᠡᠰ ᠤᠨ ᠬᠤᠯᠪᠣᠭ᠎ᠠ ᠨᠢ ᠬᠡᠷᠡᠭᠴᠡᠭᠡ ᠪᠠᠷ ᠤᠳᠤᠷᠢᠳᠤᠮᠵᠢ ᠪᠣᠯᠭᠠᠭᠰᠠᠨ ᠤᠰᠤ ᠠᠷᠪᠢᠯᠠᠬᠤ ᠮᠡᠷᠭᠡᠵᠢᠯ ᠤᠨ ᠠᠵᠤ ᠦᠢᠯᠡᠰ ᠤᠨ ᠬᠡᠯᠬᠢᠶ᠎ᠡ ᠶᠢᠨ ᠲᠠᠪᠴᠠᠩ ᠢ ᠰᠢᠨ᠎ᠡ ᠶᠢ ᠡᠭᠦᠳᠬᠦ ᠴᠢᠨᠠᠷᠲᠠᠶ ᠪᠠᠷ ᠪᠠᠶᠢᠭᠤᠯᠵᠤ᠂ ᠤᠰᠤ ᠠᠷᠪᠢᠯᠠᠬᠤ ᠬᠦᠷᠢᠶᠡᠨ ᠤ ᠴᠢᠬᠤᠯᠠ ᠶᠡᠭᠡ ᠮᠡᠷᠭᠡᠵᠢᠯ ᠢ ᠳᠡᠯᠭᠡᠷᠡᠭᠦᠯᠬᠦ ᠳᠤ ᠢᠳᠡᠪᠬᠢᠲᠡᠶ ᠦᠢᠯᠡᠳᠦᠯ ᠦᠵᠡᠭᠦᠯᠬᠦ ᠪᠣᠯᠤᠨ᠎ᠠ᠃ ᠦᠬᠠᠢ ᠬᠤᠲᠠ ᠰᠢᠨ᠎ᠡ ᠶᠢ ᠡᠭᠦᠳᠬᠦ ᠬᠡᠯᠪᠡᠷᠢ ᠶᠢᠨ ᠤᠰᠤ ᠠᠷᠪᠢᠯᠠᠬᠤ ᠠᠵᠤ ᠦᠢᠯᠡᠰ ᠤᠨ ᠪᠦᠯᠦᠭᠵᠢᠯ ᠢ ᠪᠤᠶᠢᠵᠢᠭᠤᠯᠬᠤ ᠪᠠᠷ ᠳᠠᠮᠵᠢᠨ ᠬᠤᠲᠠ ᠶᠢᠨ ᠤᠰᠤ ᠠᠷᠪᠢᠯᠠᠬᠤ ᠠᠵᠤ ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ ᠪᠦᠲᠦᠮᠵᠢᠲᠡᠢ ᠳᠡᠭᠡᠭᠰᠢᠯᠡᠭᠦᠯᠵᠦ ᠪᠣᠢ ᠭᠡᠵᠡᠢ᠃      ᠵᠠᠩ ᠰᠢᠶᠦ᠋ᠨ ᠢᠯᠡᠷᠭᠡᠶᠢᠯᠡᠭᠰᠡᠨ ᠨᠢ᠂ ᠬᠤᠯᠪᠣᠭ᠎ᠠ ᠪᠠᠶᠢᠭᠤᠯᠤᠭᠳᠠᠭᠰᠠᠨ ᠨᠢ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠬᠠᠮᠵᠢᠯᠴᠠᠨ ᠰᠢᠨ᠎ᠡ ᠶᠢ ᠡᠭᠦᠳᠬᠦ ᠳᠤ ᠴᠢᠬᠤᠯᠠ ᠠᠴᠢᠶᠠᠯᠠᠪᠤᠷᠢ ᠬᠠᠩᠭᠠᠭᠰᠠᠨ ᠪᠠᠶᠢᠨ᠎ᠠ᠂ ᠳᠤᠮᠳᠠᠳᠤ ᠤᠯᠤᠰ ᠤᠨ ᠬᠤᠲᠠ ᠶᠢᠨ ᠬᠦᠭᠵᠢᠬᠦᠯᠦᠯᠳᠡ ᠶᠢᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠡᠬᠢ ᠪᠠᠶᠠᠯᠢᠭ ᠤᠨ ᠣᠷᠴᠢᠨ ᠲᠣᠭᠤᠷᠢᠨ ᠬᠢᠭᠡᠳ ᠤᠰᠤᠨ ᠤ ᠶᠠᠪᠤᠳᠠᠯ ᠤᠨ ᠰᠤᠳᠤᠯᠭᠠᠨ ᠤ ᠲᠥᠪ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠯᠪᠤᠭ᠎ᠠ ᠶᠢᠨ ᠪᠦᠷᠢᠯᠳᠦᠬᠦᠨ ᠠᠵᠤ ᠠᠬᠤᠶᠢᠯᠠᠯ ᠤᠨ ᠲᠣᠭᠤᠷᠢᠨ ᠳᠤ ᠠᠵᠤ ᠦᠢᠯᠡᠳᠪᠦᠷᠢ ᠶᠢᠨ ᠤᠰᠤ ᠠᠷᠪᠢᠯᠠᠬᠤ ᠬᠡᠷᠡᠭᠯᠡᠭᠡᠨ ᠤ ᠰᠣᠳᠣᠯᠣᠨ ᠨᠡᠭᠡᠭᠡᠯᠲᠡ ᠥᠷᠨᠢᠭᠦᠯᠬᠦ ᠪᠤᠯᠤᠨ᠎ᠠ᠃ ᠣᠳᠣᠬᠠᠨ ᠳᠤ᠂ ᠲᠥᠪ ᠠᠴᠠ ᠠᠮᠢᠳᠤ ᠪᠣᠳᠠᠰ ᠢ ᠰᠢᠢᠳᠪᠦᠷᠢᠯᠡᠬᠦ ᠠᠷᠭ᠎ᠠ ᠶᠢ ᠳᠡᠯᠭᠡᠷᠡᠭᠦᠯᠬᠦ ᠪᠠᠷ ᠳᠠᠮᠵᠢᠭᠤᠯᠤᠨ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠪᠠ ᠠᠵᠤ ᠦᠢᠯᠡᠰ ᠤᠨ ᠪᠣᠬᠢᠷᠲᠤᠯ ᠥᠬᠡᠶ ᠬᠥᠭᠵᠢᠯᠲᠡ ᠶᠢ ᠪᠡᠶᠡᠯᠡᠭᠦᠯᠬᠦ ᠪᠠᠷ ᠪᠡᠯᠡᠳᠬᠡᠵᠦ ᠪᠠᠶᠢᠨ᠎ᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号