—ᠬᠤᠲᠠ ᠶᠢᠨ ᠤᠰᠤᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠶᠠᠨ ᠱᠢ ᠸᠧᠶ ᠶᠢ | ᠰᠣᠷᠪᠣᠯᠵᠢᠯᠠᠭᠰᠠᠨ ᠨᠢ | 5 ᠰᠠᠷ᠎ᠠ ᠶᠢᠨ 13 ᠤ ᠡᠳᠦᠷ᠂ ᠬᠤᠳᠠ ᠶᠢᠨ ᠤᠰᠤᠨ ᠤ ᠶᠠᠪᠤᠳᠠᠯ ᠤᠨ ᠳᠤᠪᠴᠢᠶᠠᠨ ᠤ ᠳᠡᠳ᠋ ᠳᠠᠷᠤᠭ᠎ᠠ ᠶᠠᠨ | ᠱᠢ ᠸᠧᠢ ᠰᠤᠷᠪᠤᠯᠵᠢᠯᠠᠭᠴᠢ ᠶᠢᠨ ᠳᠤᠰᠬᠠᠢ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠂ ᠦᠬᠠᠶ | ᠬᠤᠲᠠ ᠶᠢᠨ ᠤᠰᠤ ᠠᠷᠪᠢᠯᠠᠬᠤ ᠠᠵᠤ ᠦᠢᠯᠡᠰ ᠤᠨ ᠬᠤᠯᠪᠣᠭ᠎ᠠ ᠪᠣᠯᠤᠨ ᠤᠰᠤ ᠠᠷᠪᠢᠯᠠᠬᠤ ᠠᠵᠤ ᠦᠢᠯᠡᠰ ᠤᠨ | ᠰᠢᠨ᠎ᠡ ᠶᠢ ᠡᠭᠦᠳᠬᠦ ᠲᠥᠪ ᠪᠠᠶᠢᠭᠤᠯᠤᠭᠳᠠᠭᠰᠠᠨ ᠨᠢ ᠦᠬᠠᠶ ᠬᠤᠲᠠ ᠶᠢᠨ ᠤᠰᠤ ᠠᠷᠪᠢᠯᠠᠬᠤ ᠠᠵᠤ ᠦᠢᠯᠡᠰ ᠤᠨ | ᠲᠥᠯᠥᠪᠵᠢᠭᠦᠯᠪᠡ᠂ ᠤᠰᠤ ᠠᠷᠪᠢᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠪᠣᠳᠠᠲᠠᠶ ᠦᠢᠯᠡᠳᠦᠯᠬᠡ ᠮᠥᠨ ᠬᠡᠵᠡᠢ᠃ | ᠶᠠᠨ ᠱᠢ ᠸᠧᠢ ᠬᠡᠯᠡᠭᠰᠡᠨ ᠨᠢ᠂ ᠦᠬᠠᠢ ᠬᠤᠳᠠ ᠶᠢᠨ ᠤᠰᠤ ᠠᠷᠪᠢᠯᠠᠬᠤ ᠠᠵᠤ ᠦᠢᠯᠡᠰ ᠤᠨ ᠬᠤᠯᠪᠣᠭ᠎ᠠ | ᠪᠣᠯᠤᠨ ᠤᠰᠤ ᠠᠷᠪᠢᠯᠠᠬᠤ ᠠᠵᠤ ᠦᠢᠯᠡᠰ ᠤᠨ ᠰᠢᠨ᠎ᠡ ᠶᠢ ᠡᠭᠦᠳᠬᠦ ᠲᠥᠪ ᠮᠠᠨ ᠤ ᠬᠤᠳᠠ ᠶᠢᠨ ᠤᠰᠤ ᠠᠷᠪᠢᠯᠠᠬᠤ | ᠠᠵᠤ ᠦᠢᠯᠡᠰ ᠤᠨ ᠡᠬᠢ ᠪᠠᠶᠠᠯᠢᠭ ᠢ ᠪᠦᠲᠦᠮᠵᠢᠲᠡᠢ ᠨᠡᠶᠢᠳᠬᠡᠵᠦ᠂ ᠤᠰᠤ ᠠᠷᠪᠢᠯᠠᠬᠤ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠ ᠤᠰᠤ ᠠᠷᠪᠢᠯᠠᠬᠤ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠤᠰᠤ ᠠᠷᠪᠢᠯᠠᠬᠤ ᠮᠡᠷᠭᠡᠵᠢᠯ ᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ | ᠬᠤᠪᠢᠷᠠᠭᠤᠯᠬᠤ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠰᠢᠨ᠎ᠡ | ᠪᠠᠶᠢᠷᠢᠰᠢᠯ ᠢ ᠪᠦᠬᠦ ᠲᠠᠯ᠎ᠠ ᠪᠠᠷ ᠪᠠᠶᠢᠭᠤᠯᠬᠤ ᠳᠤ ᠬᠦᠴᠦᠨ ᠨᠡᠮᠡᠷᠢᠯᠡᠵᠦ᠂ ᠪᠦᠬᠦ ᠬᠤᠳᠠ ᠶᠢᠨ ᠤᠰᠤ ᠠᠷᠪᠢᠯᠠᠬᠤ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠪᠤᠯᠤᠨ᠎ᠠ ᠭᠡᠵᠡᠢ᠃ | ᠶᠠᠨ ᠱᠢ ᠸᠧᠢ ᠢᠯᠡᠷᠭᠡᠶᠢᠯᠡᠭᠰᠡᠨ ᠨᠢ᠂ ᠬᠤᠯᠪᠣᠭ᠎ᠠ ᠨᠢ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠵᠤ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ᠂ ᠤᠰᠤ ᠠᠷᠪᠢᠯᠠᠬᠤ | ᠮᠡᠷᠭᠡᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ᠵᠢᠴᠢ ᠭᠤᠣᠯᠳᠠᠯᠭ᠎ᠠ ᠲᠠᠢ ᠤᠰᠤ ᠬᠡᠷᠡᠭᠯᠡᠬᠦ ᠠᠵᠤ ᠠᠬᠤᠶᠢᠯᠠᠯ | ᠵᠡᠷᠭᠡ ᠶᠢ ᠬᠤᠷᠠᠮᠳᠤᠭᠤᠯᠵᠤ᠂ ᠬᠠᠮᠲᠤᠷᠠᠯᠴᠠᠬᠤ ᠰᠤᠳᠤᠯᠤᠨ ᠨᠡᠭᠡᠭᠡᠬᠦ ᠲᠠᠪᠴᠠᠩ ᠢ ᠪᠠᠶᠢᠭᠤᠯᠬᠤ ᠪᠠᠷ ᠳᠠᠮᠵᠢᠭᠤᠯᠵᠤ᠂ | ᠵᠠᠰᠠᠭ ᠤᠨ ᠣᠷᠳᠣᠨ᠂ ᠠᠵᠤ ᠦᠢᠯᠡᠰ᠂ ᠰᠤᠷᠭᠠᠭᠤᠯᠢ᠂ ᠰᠤᠳᠤᠯᠭᠠᠨ᠂ ᠬᠡᠷᠡᠭᠯᠡᠯᠲᠡ ᠶᠢ ᠤᠶᠠᠯᠳᠤᠭᠤᠯᠤᠭᠰᠠᠨ᠂ | ᠨᠡᠭᠡᠭᠡᠯᠲᠡ ᠲᠠᠢ᠂ ᠬᠠᠮᠵᠢᠯᠴᠠᠭᠰᠠᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢᠶᠠᠷ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠬᠤ | ᠪᠤᠯᠤᠨ᠎ᠠ᠃ ᠡᠭᠦᠨ ᠤ ᠬᠠᠮᠲᠤ᠂ ︽ᠬᠡᠷᠡᠭᠯᠡᠯᠲᠡ︾ ᠪᠠᠷ ᠤᠳᠤᠷᠢᠳᠤᠮᠵᠢ ᠪᠣᠯᠭᠠᠭᠰᠠᠨ ᠤᠰᠤ ᠠᠷᠪᠢᠯᠠᠬᠤ ᠰᠢᠨ᠎ᠡ ᠶᠢ | ᠡᠭᠦᠳᠬᠦ ᠮᠡᠷᠭᠡᠵᠢᠯ ᠤᠨ ᠬᠠᠩᠭᠠᠯᠭ᠎ᠠ ᠶᠢᠨ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ ᠶᠢᠨ ᠲᠠᠪᠴᠠᠩ ᠢ ᠪᠠᠶᠢᠭᠤᠯᠵᠤ᠂ | ᠤᠰᠤ ᠠᠷᠪᠢᠯᠠᠬᠤ ᠬᠦᠷᠢᠶᠡᠨ ᠤ ᠴᠢᠬᠤᠯᠠ ᠶᠡᠭᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠰᠢᠨ᠎ᠡ ᠶᠢ ᠡᠭᠦᠳᠬᠦ | ᠬᠡᠯᠪᠡᠷᠢ ᠶᠢᠨ ᠤᠰᠤ ᠠᠷᠪᠢᠯᠠᠬᠤ ᠠᠵᠤ ᠦᠢᠯᠡᠰ ᠤᠨ ᠪᠦᠯᠦᠭᠵᠢᠯ ᠢ ᠪᠤᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠥᠨᠳᠥᠷ ᠪᠦᠲᠦᠮᠵᠢᠲᠡᠶ ᠪᠠᠷ ᠠᠰᠢᠭᠯᠠᠬᠤ ᠳᠤ ᠰᠡᠳᠬᠢᠴᠡ | ᠬᠠᠩᠭᠠᠬᠤ ᠪᠤᠯᠤᠨ᠎ᠠ ᠭᠡᠵᠡᠢ᠃ |